ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/2/9
     2 ᠳ᠋ᠤᠭᠠᠷ ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ ᠵᠢᠴᠢ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠵᠣᠣ ᠶᠠᠨ ᠬᠤᠩ ᠨᠠᠷ ᠤᠷᠢᠳ ᠬᠤᠵᠢᠳ ᠵᠢᠨᠱᠠᠨ ᠬᠤᠶᠠᠳᠤᠭᠠᠷ ᠪᠠᠭ᠎ᠠ ᠰᠤᠷᠭᠠᠭᠤᠯᠢ᠂ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠵᠢᠨᠱᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠰᠢᠨ᠎ᠡ ᠪᠠᠷ ᠪᠠᠶᠢᠭᠤᠯᠬᠤ ᠵᠦᠢᠯᠡᠰ ᠵᠢᠴᠢ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠠᠯᠪᠠᠨ ᠬᠡᠷ ᠤᠨ ᠬᠠᠮᠢᠶᠠᠷᠤᠯᠲᠠ ᠬᠡᠷᠡᠭᠯᠡᠯᠲᠡ ᠵᠡᠷᠭᠡ ᠬᠤᠯᠪᠣᠭᠳᠠᠯ ᠪᠥᠬᠦᠶ ᠪᠠᠶᠢᠳᠠᠯ ᠢ ᠨᠠᠷᠢᠨ ᠣᠶᠢᠯᠠᠭᠠᠵᠤ ᠂ ᠲᠤᠬᠠᠶ ᠶᠢᠨ ᠲᠠᠯᠠᠪᠤᠷ ᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃     ᠵᠣᠣ ᠶᠠᠨ ᠬᠤᠩ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠲᠦᠭ ᠲᠦᠮᠡᠨ ᠠᠶᠢᠯ ᠡᠷᠦᠬᠡ ᠪᠠ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠣᠭᠤᠮᠲᠠ ᠪᠠ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠡᠮᠬᠢ ᠵᠢᠷᠤᠮ ᠲᠠᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠰᠤᠷᠤᠭᠴᠢᠳ ᠲᠤ ᠨᠠᠩ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠦᠷᠲᠡᠭᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠶ᠃     ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠶ᠂ ᠪᠦᠲᠦᠮᠵᠢᠲᠡᠶ ᠪᠠᠷ ᠰᠢᠢᠳᠪᠦᠷᠢᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号