ᠮᠠᠨ ᠤ ᠬᠤᠰᠢᠭᠤ ᠵᠠᠰᠠᠭ ᠤᠨ ᠣᠷᠳᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/1
     2 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤ 2023 ᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ ᠵᠢᠴᠢ ᠬᠡᠷ ᠲᠡᠭᠡᠨ ᠪᠠᠶᠢᠭ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠸᠠᠩ ᠸᠧᠨ ᡁᠢ ᠬᠤᠷᠠᠯ ᠢ ᠡᠷᠭᠢᠯᠡᠪᠡ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠡᠯ᠎ᠡ ᠬᠦᠷᠢᠶᠡᠨ ᠳᠤ ᠲᠤᠤᠱᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡᠪᠡᠷ ᠳᠤᠬᠢᠷᠠᠭᠤᠯᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠪᠠᠶᠢᠴᠠᠭᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      ᠵᠤᠤ ᠶᠠᠨ ᠬᠤᠩ ᠴᠢᠬᠤᠯᠠᠴᠢᠯᠠᠭᠰᠠᠨ ᠨᠢ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠪᠣᠯ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠶᠢᠨ ︽ᠵᠠᠩᠭᠢᠯᠠᠭ᠎ᠠ︾ ᠮᠥᠨ᠃ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠬᠠᠷᠢᠭᠤ ᠮᠡᠳᠡᠭᠦᠯᠦᠯᠲᠡ ᠶᠢ ᠰᠣᠨᠣᠰᠤᠨ᠂ ᠬᠢᠨᠠᠨ ᠵᠢᠯᠣᠭᠤᠳᠴᠤ ᠰᠢᠪᠠᠳᠠᠨ ᠰᠢᠢᠳᠪᠦᠷᠢᠯᠡᠵᠦ᠂ ᠴᠠᠭ ᠲᠤᠬᠠᠶ ᠳᠤᠨᠢ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠠᠰᠠᠭᠤᠳᠠᠯ ᠢ ᠰᠢᠢᠳᠪᠦᠷᠢᠯᠡᠨ ᠂ ᠡᠷᠭᠢ ᠱᠤᠷᠠᠭ ᠢ ᠴᠢᠩᠭ᠎ᠠ ᠮᠤᠰᠬᠢᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠠᠢ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号