ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠾᠧ ᠮᠧᠶ ᠬᠦᠷᠢᠶᠡᠯᠡᠩ ᠲᠣᠭᠤᠷᠢᠭ᠂ ᠢᠦᠶ ᠯᠦᠩ ᠨᠢᠰᠬᠡᠯ ᠤᠨ ᠪᠠᠭᠤᠳᠠᠯ ᠵᠡᠷᠭᠡ ᠭᠠᠵᠠᠷ ᠢᠶᠠᠷ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠡᠮᠬᠢ ᠳᠢᠭᠯᠢᠮ ᠢ ᠲᠥᠪᠯᠡᠷᠡᠭᠦᠯᠦᠨ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2023/3/10
     ᠬᠤᠰᠢᠭᠤᠨ ᠤ ᠪᠤᠯᠪᠠᠰᠤᠨ ᠬᠤᠲᠠ ᠪᠠᠶᠢᠭᠤᠯᠬᠤ ᠵᠢᠯᠣᠭᠤᠳᠬᠤ ᠭᠠᠵᠠᠷ ᠤᠨ ᠪᠤᠯᠪᠠᠰᠤᠨ ᠬᠤᠲᠠ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ︽ᠬᠠᠤᠯᠢ ᠶᠢ ᠴᠢᠩᠭ᠎ᠠ ᠬᠡᠷᠡᠭᠵᠢᠭᠦᠯᠬᠦ᠂ ᠭᠤᠤᠯᠳᠠᠯᠭ᠎ᠠ ᠶᠢ ᠠᠳᠬᠤᠬᠤ᠂ ᠬᠠᠮᠢᠶᠠᠷᠤᠯᠲᠠ ᠶᠢ ᠴᠢᠩᠭᠠᠳᠬᠠᠬᠤ᠂ ᠪᠣᠳᠠᠲᠤ ᠦᠷ᠎ᠡ ᠪᠦᠲᠦᠮᠵᠢ ᠤᠯᠬᠤ︾ ᠰᠡᠳᠬᠢᠮᠵᠢ ᠪᠠᠷ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠤᠯᠪᠣᠭᠠᠯᠠᠨ ᠾᠧ ᠮᠧᠶ ᠲᠣᠭᠤᠷᠢᠭ ᠲᠤ ᠠᠵᠢᠯᠯᠠᠵᠤ ᠪᠠᠶᠢᠭ᠎ᠠ᠂ ᠢᠦᠶ ᠯᠦᠩ ᠨᠢᠰᠬᠡᠯ ᠤᠨ ᠪᠠᠭᠤᠳᠠᠯ ᠳᠤ ᠠᠶᠠᠨᠴᠢᠳ ᠢ ᠲᠤᠰᠴᠤ ᠬᠦᠷᠭᠡᠬᠦ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠳᠦᠷᠰᠦ ᠪᠠᠶᠢᠳᠠᠯ᠂ ᠵᠠᠮ ᠪᠤᠳᠤᠬᠤ ᠦᠨ᠎ᠡ ᠪᠤᠳᠤᠬᠤ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠬᠠᠮᠲᠤᠷᠠᠨ ᠪᠠᠶᠢᠴᠠᠭᠠᠵᠤ ᠲᠥᠪᠯᠡᠷᠡᠭᠦᠯᠦᠨ ᠴᠡᠭᠴᠡᠯᠡᠨ ᠵᠠᠰᠠᠪᠠ᠃ 12345 ᠬᠤᠲᠠ ᠶᠢᠨ ᠳᠠᠷᠤᠭ᠎ᠠ ᠶᠢᠨ ᠬᠠᠯᠠᠭᠤᠨ ᠤᠲᠠᠰᠤ᠂ 12328 ᠲᠠᠪᠴᠠᠩ ᠤᠨ ᠲᠤᠰᠬᠠᠯ ᠢᠶᠠᠷ ᠠᠶᠠᠨᠴᠢᠳ ᠤᠨ ᠲᠤᠰᠬᠠᠭᠰᠠᠨ ᠲᠣᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠵᠦ ᠂ ᠢᠯᠡᠳᠲᠡ ᠦᠷ᠎ᠡ ᠪᠦᠲᠦᠮᠵᠢ ᠤᠯᠪᠠ᠃     ᠾᠧ ᠮᠧᠶ ᠬᠦᠷᠢᠶᠡᠯᠡᠩ ᠲᠣᠭᠤᠷᠢᠭ᠂ ᠢᠦᠶ ᠯᠦᠩ ᠨᠢᠰᠬᠡᠯ ᠤᠨ ᠪᠠᠭᠤᠳᠠᠯ ᠵᠡᠷᠭᠡ ᠭᠠᠵᠠᠷ ᠢᠶᠠᠷ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠢᠳᠡᠪᠬᠢᠲᠡᠶ ᠪᠠᠷ ᠠᠷᠭ᠎ᠠ ᠰᠦᠪᠡᠭᠴᠢᠯᠡᠵᠦ᠂ ᠠᠷᠭ᠎ᠠ ᠪᠣᠳᠣᠯᠭ᠎ᠠ ᠲᠣᠭᠲᠠᠭᠠᠨ᠂ ᠰᠢᠢᠳᠪᠦᠷᠢᠲᠦ  ᠪᠣᠳᠣᠯᠭ᠎ᠠ ᠲᠣᠭᠲᠠᠭᠠᠵᠤ᠂ ᠠᠶᠠᠨᠴᠢᠳ ᠲᠤ ︽ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠵᠢᠷᠤᠮᠵᠢᠯ︾ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠳᠤ ᠰᠠᠭᠤᠭᠰᠠᠨ ᠠᠶᠠᠨᠴᠢᠨ ᠨᠢᠭᠡᠪᠦᠷᠢ ᠳᠤ ᠬᠠᠯᠠᠭᠤᠨ ᠳᠣᠲᠣᠨᠣ ᠰᠠᠨᠠᠭᠤᠯᠤᠮᠵᠢ ᠶᠢᠨ ᠺᠠᠷᠲ ᠣᠯᠭᠤᠵᠤ᠂ ᠢᠦᠶ ᠯᠦᠩ ᠨᠢᠰᠬᠡᠯ ᠤᠨ ᠪᠠᠭᠤᠳᠠᠯ ᠤᠨ ᠲᠡᠷᠭᠡᠨ ᠵᠣᠭᠰᠣᠭᠠᠯ ᠳᠤ ᠢᠯᠡ ᠲᠣᠳᠣ ᠬᠠᠯᠠᠭᠤᠨ ᠳᠣᠲᠣᠨᠣ ᠰᠠᠨᠠᠭᠤᠯᠤᠮᠵᠢ ᠶᠢᠨ ᠫᠠᠶᠢᠰᠠ ᠪᠤᠰᠬᠠᠵᠤ᠂ ᠠᠶᠠᠨᠴᠢᠳ ᠤᠨ ᠲᠤᠬᠠᠶ ᠶᠢᠨ ᠲᠠᠯᠠᠪᠤᠷ ᠲᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠲᠣᠭᠲᠠᠭᠠᠯ ᠠᠴᠠ ᠵᠥᠷᠢᠴᠡᠨ ᠲᠡᠭᠡᠭᠡᠪᠦᠷᠢᠯᠡᠬᠦ ᠶᠢ ᠡᠬᠢ ᠡᠭᠦᠰᠦᠯ ᠠᠴᠠ ᠨᠢ ᠵᠠᠬ᠎ᠠ ᠳᠡᠯᠭᠡᠭᠦᠷ ᠥᠬᠡᠶ ᠪᠣᠯᠭᠠᠨ᠎ᠠ᠃ ᠣᠲᠣ ᠪᠣᠯᠲᠠᠯ᠎ᠠ᠂ ᠠᠶᠠᠨᠴᠢᠳ ᠲᠤ ᠨᠡᠶᠢᠲᠡ 800 ᠭᠠᠷᠤᠶ ᠬᠠᠯᠠᠭᠤᠨ ᠳᠤᠯᠠᠭᠠᠨ ᠲᠡᠷᠭᠡᠨ ᠳᠤ ᠰᠠᠭᠤᠬᠤ ᠰᠠᠨᠠᠭᠤᠯᠤᠮᠵᠢ ᠶᠢᠨ ᠺᠠᠷᠲ ᠲᠦᠭᠡᠭᠡᠵᠡᠶ᠃     ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠾᠧ ᠮᠧᠶ ᠬᠦᠷᠢᠶᠡᠯᠡᠩ ᠲᠣᠭᠤᠷᠢᠭ᠂ ᠢᠦᠶ ᠯᠦᠩ ᠨᠢᠰᠬᠡᠯ ᠤᠨ ᠪᠠᠭᠤᠳᠠᠯ ᠵᠡᠷᠭᠡ ᠭᠠᠵᠠᠷ ᠤᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠡᠭᠦᠳᠡᠯ ᠲᠣᠭᠤᠷᠢᠨ ᠪᠠᠶᠢᠴᠠᠭᠠᠬᠤ ᠪᠠ ᠴᠢᠭ ᠲᠣᠭᠲᠠᠭᠠᠨ ᠪᠠᠶᠢᠴᠠᠭᠠᠬᠤ ᠶᠢ ᠣᠷᠭᠠᠨᠢᠭ ᠢᠶᠠᠷ ᠤᠶᠠᠯᠳᠤᠭᠤᠯᠬᠤ᠂ ᠡᠳᠦᠷ ᠢᠶᠠᠷ ᠪᠠᠶᠢᠴᠠᠭᠠᠬᠤ ᠪᠠ ᠰᠥᠨᠢ ᠪᠠᠷ ᠪᠠᠶᠢᠴᠠᠭᠠᠬᠤ ᠶᠢ ᠨᠢᠭᠲᠠ ᠤᠶᠠᠯᠳᠤᠭᠤᠯᠬᠤ᠂ ᠡᠬᠢ ᠡᠭᠦᠰᠦᠯ ᠠᠴᠠ ᠨᠢ ᠬᠠᠮᠢᠶᠠᠷᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠬᠦ ᠠᠷᠭ᠎ᠠ ᠮᠠᠶ᠋ᠢᠭ ᠢ ᠠᠪᠴᠤ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢᠨ ᠲᠣᠭᠲᠠᠭᠠᠯ ᠠᠴᠠ ᠵᠥᠷᠢᠴᠡᠨ ᠠᠵᠢᠯᠯᠠᠭᠰᠠᠨ ᠢ ᠪᠠᠶᠢᠴᠠᠭᠠᠬᠤ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠬᠤᠲᠠ ᠶᠢᠨ ᠳᠦᠷᠢ ᠲᠥᠷᠬᠦ ᠶᠢ ᠰᠠᠶᠢᠲᠤᠷ ᠬᠠᠮᠠᠭᠠᠯᠠᠨ᠎ᠠ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ ᠠᠴᠠ ᠾᠧ ᠮᠧᠶ ᠬᠦᠷᠢᠶᠡᠯᠡᠩ ᠲᠣᠭᠤᠷᠢᠭ᠂ ᠢᠦᠶ ᠯᠦᠩ ᠨᠢᠰᠬᠡᠯ ᠤᠨ ᠪᠠᠭᠤᠳᠠᠯ ᠵᠡᠷᠭᠡ ᠭᠠᠵᠠᠷ ᠤᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢᠨ ᠬᠠᠤᠯᠢ ᠶᠣᠰᠣᠨ ᠤ ᠲᠦᠷᠢᠮ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠪᠠ ᠴᠡᠭᠴᠡᠯᠡᠯᠲᠡ ᠶᠢᠨ ᠡᠷᠴᠢᠮ ᠢ ᠦᠷᠭᠦᠯᠵᠢᠯᠡᠨ ᠠᠬᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ᠂ ᠬᠤᠲᠠ ᠪᠠᠶᠢᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号