ᠬᠤᠰᠢᠭᠤᠨ ᠳᠠᠷᠤᠭ᠎ᠠ ᠵᠣᠣ ᠶᠠᠨ ᠬᠤᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠬᠤ ᠲᠥᠷᠥᠯ ᠵᠦᠢᠯ ᠤᠨ ᠲᠤᠬᠠᠶ ᠵᠥᠪᠳᠡᠯᠴᠡᠪᠡ
ᠨᠡᠶᠢᠲᠡᠯᠡᠭᠰᠡᠨ ᠴᠠᠭ᠄
2023/3/10
ᠬᠤᠰᠢᠭᠤᠨ ᠳᠠᠷᠤᠭ᠎ᠠ ᠵᠣᠣ ᠶᠠᠨ ᠬᠤᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠬᠤ ᠲᠥᠷᠥᠯ ᠵᠦᠢᠯ ᠤᠨ ᠲᠤᠬᠠᠶ ᠵᠥᠪᠳᠡᠯᠴᠡᠪᠡ     ᠣᠶᠢᠷ᠎ᠠ ᠳᠤ᠂ ᠵᠣᠣ ᠶᠠᠨ ᠬᠤᠩ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠳ᠋ᠠᠰᠢᠩ ᠲᠣᠭᠤᠷᠢᠭ ᠲᠤ ᠬᠦᠷᠴᠦ ᠵᠥᠩ ᠴᠧᠩ ᠤᠨ ᠰᠢᠨ᠎ᠡ ᠶᠢ ᠡᠭᠦᠳᠬᠦ ᠦᠵᠡᠭᠦᠯᠦᠯᠭᠡ ᠶᠢᠨ ᠪᠦᠯᠦᠭᠯᠡᠯ᠂ ᠱᠸᠤ ᠨᠦᠩ ᠪᠦᠯᠦᠭᠯᠡᠯ ᠲᠠᠢ ᠵᠣᠯᠭᠠᠭᠤᠯᠤᠨ ᠪᠥᠬᠦ ᠤᠯᠤᠰ ᠤᠨ ᠢᠳᠡᠭᠡᠨ ᠤ ᠵᠦᠢᠯ ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶᠡᠨ ᠤ ᠲᠥᠪ ︵ᠪᠡᠭᠡᠵᠢᠩ︶ ᠤᠨ ᠲᠥᠷᠥᠯ ᠵᠦᠶ᠋ᠯ ᠢ ᠵᠥᠪᠳᠡᠯᠴᠡᠪᠡ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠢ ᠰᠢᠤ ᠴᠢᠤᠸᠠᠨ᠂ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠢᠨᠱᠠᠨ ᠪᠠᠯᠭᠠᠰᠤ᠂ ᠮᠡᠢᠷᠢᠨ ᠪᠠᠯᠭᠠᠰᠤ ᠵᠡᠷᠭᠡ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠠᠮᠲᠤ ᠶᠠᠪᠤᠪᠠ ᠃     ᠲᠣᠰ ᠤᠳᠠᠭᠠᠨ ᠤ ᠰᠣᠯᠢᠯᠴᠠᠭ᠎ᠠ ᠵᠣᠯᠭᠠᠯᠴᠠᠭ᠎ᠠ ᠪᠠᠷ ᠳᠡᠮᠵᠢᠨ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠬᠤ ᠰᠠᠨᠠᠮᠵᠢ ᠲᠠᠢ ᠪᠣᠯᠵᠣ᠂ ᠣᠶᠢᠷ᠎ᠠ ᠶᠢᠨ ᠬᠤᠭᠤᠴᠠᠭᠠᠨ ᠳᠤ ᠠᠵᠤ ᠠᠬᠤᠶᠢᠯᠠᠯ ᠤᠨ ᠬᠢᠨ ᠪᠠᠶᠢᠴᠠᠭᠠᠨ ᠦᠵᠡᠬᠦ ᠪᠦᠯᠬᠦᠮ ᠲᠣᠮᠢᠯᠠᠨ ᠬᠠᠷᠠᠴᠢᠨ ᠬᠤᠰᠢᠭᠤᠨ ᠳᠤ ᠣᠴᠢᠭᠤᠯᠵᠤ ᠲᠥᠷᠥᠯ ᠵᠦᠢᠯ ᠤᠨ ᠭᠠᠵᠠᠷ ᠰᠣᠩᠭᠤᠬᠤ᠂ ᠪᠥᠲᠥᠭᠡᠨ ᠪᠠᠶᠢᠭᠤᠯᠬᠤ ᠠᠭᠤᠯᠭ᠎ᠠ ᠵᠡᠷᠭᠡ ᠤᠴᠢᠷ ᠶᠠᠪᠤᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠪᠠᠷ ᠪᠠᠶᠢᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号