ᠵᠤᠤ ᠶᠠᠨ ᠬᠤᠩ ᠪᠦᠯᠬᠦᠮ ᠳᠠᠭᠠᠭᠤᠯᠤᠨ ᠡᡁᠧᠪᠸᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/3/12
     3 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠯᠬᠦᠮ ᠳᠠᠭᠠᠭᠤᠯᠤᠨ ᠾᠧᠪᠧᠢ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠪᠡ᠃     ᠡᡁᠧᠪᠸᠢ ᠶᠢᠨ ᠯᠠᠩᠹᠠᠩ ᠤᠨ ᠵᠦᠩ ᠹᠠᠩ ᠪᠦᠯᠦᠭᠯᠡᠯ ᠳᠤ᠂ ᠵᠤᠤ ᠶᠠᠨ ᠬᠤᠩ ᠨᠠᠷ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠵᠢᠴᠢ ᠪᠣᠷᠣᠯᠠᠭᠤᠯᠭ᠎ᠠ ᠶᠢᠨ ᠬᠡᠯᠲᠡᠰ ᠢ ᠲᠣᠭᠤᠷᠢᠨ ᠦᠵᠡᠵᠦ᠂ ᠳᠠᠷᠠᠭ᠎ᠠ ᠨᠢ ᠠᠵᠤ ᠠᠬᠤᠶᠢᠯᠠᠯ ᠲᠠᠢ ᠭᠦᠨᠵᠡᠭᠡᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠵᠤᠤ ᠶᠠᠨ ᠬᠤᠩ ᠨᠠᠷ ᠵᠦᠩ ᠹᠠᠩ ᠪᠦᠯᠦᠭᠯᠡᠯ ᠤᠨ ᠬᠥᠭᠵᠢᠯᠲᠡ ᠶᠢᠨ ᠶᠠᠪᠤᠴᠠ ᠶᠢ ᠨᠠᠷᠢᠨ ᠣᠶᠢᠯᠠᠭᠠᠪᠠ᠃ ᠬᠤᠶᠠᠷ ᠲᠠᠯ᠎ᠠ ᠪᠠᠷ ᠢᠶᠠᠨ ᠮᠧᠶ ᠯᠢᠨ ᠬᠥ᠋ ᠠᠮᠢ ᠠᠬᠤᠶ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠰᠢ ᠪᠥᠸᠧ ᠶᠤᠸᠠᠨ ᠤ ᠵᠣᠬᠢᠶᠠᠭᠰᠠᠨ ᠵᠢᠴᠢ ᠢᠵᠢ ᠪᠥᠷᠢᠳᠦᠭᠰᠡᠨ ᠪᠠᠭᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠨᠠᠷᠢᠨ ᠨᠢᠭᠲᠠ ᠨᠡᠪᠲᠡᠷᠡᠯᠴᠡᠵᠦ᠂ ᠪᠠᠯᠠ ᠣᠷᠣᠭᠤᠯᠤᠯᠲᠠ ᠶᠢᠨ ᠵᠣᠭᠤᠰᠣᠨ ᠲᠤᠭ᠎ᠠ᠂ ᠪᠥᠲᠥᠭᠡᠨ ᠪᠠᠶᠢᠭᠤᠯᠤᠯᠲᠠ ᠶᠢᠨ ᠭᠠᠵᠠᠷ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠵᠡᠷᠭᠡ ᠪᠣᠳᠠᠲᠠᠶ ᠤᠴᠢᠷ ᠶᠠᠪᠤᠳᠠᠯ ᠤᠨ ᠲᠠᠯ᠎ᠠ ᠪᠠᠷ ᠤᠯᠠᠮ ᠨᠢᠭᠡ ᠠᠯᠬᠤᠮ ᠬᠠᠮᠲᠤ ᠶᠢᠨ ᠲᠠᠨᠢᠯᠲᠠ ᠲᠠᠢ ᠪᠣᠯᠪᠠ᠃ ᠬᠤᠶᠠᠷ ᠲᠠᠯ᠎ᠠ ᠪᠠᠷ ᠢᠶᠠᠨ᠂ ᠰᠢ ᠪᠦᠸ᠋ᠸ ᠶᠤᠸᠠᠨ ᠤ ᠵᠤᠭᠠᠴᠠᠯ ᠤᠨ ᠵᠣᠴᠢᠯᠠᠭ᠎ᠠ ᠵᠢᠴᠢ ᠢᠵᠢ ᠪᠦᠷᠢᠳᠦᠭᠰᠡᠨ ᠪᠠᠭᠤᠳᠠᠯ ᠤᠨ ᠲᠦᠷᠦᠯ ᠵᠦᠢᠯ ᠢ ᠬᠡᠷᠡᠭᠵᠢᠭᠦᠯᠬᠦ ᠨᠢ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ ᠪᠤᠰᠤᠳᠴᠢ ᠬᠡᠷᠡᠭᠴᠡᠭᠡ ᠪᠣᠯᠬᠤ ᠪᠠᠷ ᠪᠠᠷᠠᠬᠤ ᠦᠭᠡᠢ ᠪᠠᠰᠠ ᠮᠡᠶᠢᠷᠡᠨ ᠬᠥᠨᠳᠡᠢ ᠶᠢᠨ ᠦᠵᠡᠮᠵᠢ ᠶᠢᠨ ᠣᠷᠣᠨ ᠤ ᠵᠤᠨ ᠤ ᠤᠯᠠᠷᠢᠯ ᠤᠨ ᠵᠤᠭᠠᠴᠠᠯ ᠪᠣᠯᠤᠨ ᠵᠤᠭᠠᠴᠠᠯ ᠤᠨ ︽ᠰᠥᠨᠢ ᠶᠢᠨ ᠠᠵᠤ ᠠᠬᠤᠢ︾ ᠶᠢᠨ ᠬᠤᠭᠤᠰᠣᠨ ᠢ ᠨᠥᠬᠦᠪᠥᠷᠢᠯᠡᠬᠦ ᠪᠣᠳᠠᠲᠤ ᠬᠡᠷᠡᠭᠴᠡᠭᠡ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃     ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠨᠢ 7 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠱᠢᠯᠲᠡ ᠪᠠᠷ 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠭᠦᠯᠵᠦ᠂ ᠵᠢᠯ ᠤᠨ ᠳᠣᠲᠣᠷ᠎ᠠ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠬᠠᠷᠠᠴᠢᠨ ᠬᠤᠰᠢᠭᠤᠨ ᠤ ᠪᠥᠬᠦ ᠣᠷᠣᠨ ᠪᠦᠰᠡ ᠶᠢᠨ ᠪᠥᠬᠦ ᠤᠯᠠᠷᠢᠯ ᠤᠨ ᠪᠥᠬᠦ ᠴᠠᠭ ᠤᠨ ᠵᠢᠭᠤᠯᠴᠢᠯᠠᠯ ᠤᠨ ᠬᠥᠭᠵᠢᠯᠲᠡ ᠶᠢ ᠬᠦᠴᠦᠲᠡᠶ ᠠᠬᠢᠭᠤᠯᠬᠤ ᠪᠣᠯᠤᠨ᠎ᠠ᠃     ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢ ᠰᠢᠤ ᠴᠢᠤᠸᠠᠨ᠂ ᠮᠥᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠮᠡᠢᠷᠡᠨ ᠪᠠᠯᠭᠠᠰᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠲᠣᠭᠤᠷᠢᠨ ᠦᠵᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号