ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/14
     3 ᠰᠠᠷ᠎ᠠ ᠶᠢᠨ 13 ᠤ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠦ ᠬᠤᠷᠠᠯᠳᠤᠵᠠᠢ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠤᠢ ᠵᠢᠶᠠᠨ ᠬᠤᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠡᠰᠡᠭ ᠴᠠᠭᠳᠠᠨ ᠪᠠᠶᠢᠴᠠᠭᠠᠬᠤ ᠬᠠᠮᠵᠢᠯᠴᠠᠭᠠᠨ ᠤ ᠨᠢᠭᠡᠴᠡ ᠶᠢᠨ ᠭᠤᠤᠯ ᠤᠳᠤᠷᠢᠳᠤᠯᠭ᠎ᠠ᠂ ᠴᠠᠭᠳᠠᠨ ᠪᠠᠶᠢᠴᠠᠭᠠᠬᠤ ᠳᠤᠭᠤᠶᠢᠯᠠᠩ ᠵᠢᠴᠢ ᠲᠣᠮᠢᠯᠠᠭᠰᠠᠨ ᠪᠥᠬᠦ ᠺᠠᠳ᠋ᠷ᠂ ᠴᠠᠭᠳᠠᠨ ᠪᠠᠶᠢᠴᠠᠭᠠᠬᠤ ᠠᠯᠪᠠᠨ ᠬᠡᠷ ᠤᠨ ᠪᠥᠬᠦ ᠨᠥᠬᠦᠳ ᠬᠤᠷᠠᠯ ᠳᠤ ᠣᠷᠣᠯᠴᠠᠵᠠᠶ᠃     ᠬᠤᠷᠠᠯ ᠠᠴᠠ ︽ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠡᠭᠦᠷᠭᠡ ᠶᠢᠨ ᠬᠤᠪᠢᠶᠠᠷᠢᠯᠠᠯ ᠤᠨ ᠲᠤᠬᠠᠢ ᠲᠣᠭᠲᠠᠭᠠᠯ︾ ᠢ ᠨᠡᠶᠢᠲᠡᠯᠡᠪᠡ᠃ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ 4 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠢᠨᠠᠨ ᠪᠤᠳᠤᠬᠤ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠮᠥᠩᠭᠦᠨ ᠭᠦᠶ᠋ᠯᠭᠡᠭᠡᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ 8 ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠦᠷᠨᠢᠭᠦᠯᠪᠠ ᠃     ᠬᠤᠷᠠᠯ ᠠᠴᠠ ᠵᠢᠭᠠᠵᠤ ᠭᠠᠷᠭᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠨᠢ ᠰᠢᠨ᠎ᠡ ᠴᠠᠭ ᠦᠶ᠎ᠡ ᠳᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠪᠣᠯ ︽ᠬᠤᠶᠠᠷ ᠢ ᠬᠠᠮᠠᠭᠠᠯᠠᠬᠤ︾ ᠶᠢᠨ ᠴᠢᠬᠤᠯᠠ ᠠᠷᠭ᠎ᠠ ᠬᠡᠯᠪᠡᠷᠢ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ ᠶᠢᠨ ᠪᠦᠲᠦᠮᠵᠢᠲᠡᠢ ᠠᠷᠭ᠎ᠠ ᠬᠡᠮᠵᠢᠶ᠎ᠡ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠴᠢᠬᠤᠯᠠ ᠭᠠᠷᠳᠠᠴᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠲᠤᠰᠬᠠᠶᠢᠯᠠᠨ ᠬᠦᠴᠦᠯᠡᠬᠦ ᠶᠢ ᠠᠬᠢᠭᠤᠯᠵᠤ᠂ ︽ᠴᠢᠨᠠᠷ ᠰᠠᠶᠢᠲᠠᠢ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ᠂ ᠴᠢᠨᠠᠷ ᠰᠠᠶᠢᠲᠠᠢ ᠠᠰᠠᠭᠤᠳᠠᠯ ᠤᠨ ᠰᠦᠪᠡᠭᠴᠢ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ︾ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠰᠠᠭᠤᠳᠠᠯ ᠢ ᠭᠦᠨᠵᠡᠭᠡᠢ ᠢᠯᠡᠷᠡᠭᠦᠯᠵᠦ᠂ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠢ ᠢᠯᠡᠷᠡᠭᠦᠯᠬᠦ ᠬᠡᠷᠡᠭᠲᠡᠢ᠃     ᠬᠤᠷᠠᠯ ᠠᠴᠠ᠂ ᠬᠠᠮᠵᠢᠯᠴᠠᠨ ᠬᠠᠮᠳᠤᠷᠤᠯᠴᠠᠬᠤ ᠪᠠᠨ ᠭᠦᠨᠵᠡᠭᠡᠶᠢᠷᠡᠭᠦᠯᠵᠦ᠂ ᠴᠠᠭᠳᠠᠨ ᠪᠠᠶᠢᠴᠠᠭᠠᠬᠤ ᠳᠠᠪᠠᠭᠤᠯᠢᠭ ᠪᠣᠯᠤᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠵᠤ᠂ ᠴᠠᠭᠳᠠᠨ ᠪᠠᠶᠢᠴᠠᠭᠠᠬᠤ ᠠᠵᠢᠯ ᠤᠨ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠤᠬᠠᠮᠰᠠᠷ ᠢᠶᠠᠨ ᠴᠢᠩᠭᠠᠳᠬᠠᠵᠤ᠂ ᠲᠦᠷᠦᠭᠦᠯᠡᠨ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠳᠠᠯᠠᠵᠤ᠂ ᠰᠣᠩᠭᠤᠨ ᠰᠢᠯᠵᠢᠭᠦᠯᠦᠭᠰᠡᠨ ᠺᠠᠳ᠋ᠷ ᠶᠠᠭᠠᠬᠢᠭᠰᠠᠨ ᠴᠤ ︽ᠲᠦᠷ ᠴᠠᠭ ᠤᠨ ᠠᠵᠢᠯᠴᠢᠨ︾ ᠤ ᠦᠵᠡᠯ ᠰᠠᠨᠠᠭ᠎ᠠ ᠲᠠᠢ ᠪᠠᠶᠢᠵᠤ ᠪᠣᠯᠬᠤ ᠦᠭᠡᠢ᠂ ᠠᠯᠪᠠ ᠬᠠᠰᠢᠵᠤ᠂ ᠬᠠᠰᠢ ᠶᠠᠰᠢ ᠪᠠᠷ ᠥᠩᠭᠡᠷᠡᠭᠡᠵᠦ ᠪᠣᠯᠬᠤ ᠦᠭᠡᠢ᠂ ᠶᠠᠭᠠᠬᠢᠭᠰᠠᠨ ᠴᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠵᠢᠴᠢ ᠥᠪᠡᠷ ᠤᠨ ᠤᠤᠯ ᠤᠨ ᠨᠢᠭᠡᠴᠡ ᠶᠢᠨ ᠨᠥᠬᠦᠳ ᠲᠠᠢ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢᠶᠠᠨ ᠳᠤᠷ᠎ᠠ ᠪᠠᠷ ᠢᠶᠠᠨ ᠰᠣᠯᠢᠯᠴᠠᠵᠤ ᠪᠣᠯᠬᠤ ᠦᠭᠡᠢ᠂ ᠨᠡᠩ ᠴᠤ ᠴᠢᠮᠡᠭᠡ ᠵᠠᠳᠠᠷᠠᠭᠤᠯᠵᠤ ᠪᠣᠯᠬᠤ ᠦᠭᠡᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠣᠭᠤᠷᠢᠨ ᠪᠠᠶᠢᠴᠠᠭᠠᠬᠤ ᠡᠩᠨᠡᠭᠡ ᠶᠢᠨ ᠰᠠᠶᠢᠨ ᠰᠠᠶᠢᠬᠠᠨ ᠲᠦᠷᠢ ᠲᠥᠷᠬᠦ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号