ᠮᠠᠨ ᠤ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠲᠡᠭᠦᠰ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2023/3/14
     3 ᠰᠠᠷ᠎ᠠ ᠶᠢᠨ 14 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠳᠠᠭᠠᠭᠠᠨ ᠡᠷᠭᠢᠯᠡᠵᠦ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠷᠠᠴᠢᠨ ᠬᠤᠰᠢᠭᠤᠨ ᠤ ᠵᠥᠪᠯᠡᠯ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠵᠦᠩ ᠰᠢᠩ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠤᠨ ᠬᠠᠮᠵᠢᠯᠴᠠᠨ ᠡᠷᠭᠢᠯᠡᠭᠰᠡᠨ ︽2023 ᠣᠨ ᠤ ᠬᠠᠷᠠᠴᠢᠨ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ︾ ᠲᠡᠭᠦᠰ ᠠᠮᠵᠢᠯᠲᠠ ᠲᠠᠢ ᠥᠨᠳᠥᠷᠯᠡᠪᠡ᠃     ᠲᠤᠰ ᠬᠤᠭᠤᠴᠠᠭᠠᠨ ᠤ ᠦᠢᠯᠡᠰ ᠪᠤᠰᠬᠠᠬᠤ ᠤᠷᠤᠯᠳᠤᠭᠠᠨ ᠢ ᠡᠬᠢᠯᠡᠭᠦᠯᠦᠭᠰᠡᠨ ᠠᠴᠠ ᠨᠠᠰᠢ᠂ ᠦᠯᠡᠮᠵᠢ ᠤᠯᠠᠨ ᠰᠢᠯᠢᠳᠡᠭ ᠠᠵᠤ ᠠᠬᠤᠶᠢᠯᠠᠯ ᠪᠣᠯᠤᠨ ᠬᠤᠪᠢ ᠬᠥᠮᠦᠨ ᠢ ᠢᠳᠡᠪᠬᠢᠲᠡᠢ ᠣᠷᠣᠯᠴᠠᠭᠤᠯᠵᠤ᠂ 15 ᠦᠢᠯᠡᠰ ᠪᠤᠰᠬᠠᠬᠤ ᠲᠦᠷᠦᠯ ᠵᠦᠢᠯ ᠢ ᠰᠣᠩᠭᠤᠨ ᠰᠢᠯᠭᠠᠷᠠᠭᠤᠯᠵᠤ᠂ ᠲᠤᠰᠬᠠᠢ ᠮᠡᠷᠭᠡᠵᠢᠯ ᠤᠨ ᠵᠢᠯᠤᠭᠤᠳᠤᠯᠭ᠎ᠠ᠂ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ ᠢᠶᠠᠷ ᠳᠠᠮᠵᠢᠨ ᠬᠠᠮᠤᠭ ᠡᠴᠦᠰ ᠲᠤ 11 ᠰᠢᠯᠢᠳᠡᠭ ᠲᠥᠷᠥᠯ ᠵᠦᠢᠯ ᠰᠢᠢᠳᠪᠦᠷᠢᠲᠦ ᠤᠷᠤᠯᠳᠤᠭᠠᠨ ᠳᠤ ᠲᠠᠰ ᠳᠡᠪᠰᠢᠪᠡ᠃     ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠢᠯ ᠣᠯᠭᠤᠬᠤ ᠦᠢᠯᠡᠰ ᠪᠤᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ᠨᠢᠭᠡ ᠪᠦᠯᠦᠭ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠡᠭᠦᠨ ᠤ ᠬᠠᠮᠲᠤ 4 ᠵᠢᠯ ᠳᠠᠷᠠᠭᠠᠯᠠᠨ ᠰᠢᠨ᠎ᠡ ᠶᠢ ᠡᠭᠦᠳᠬᠦ ᠦᠢᠯᠡᠰ ᠪᠤᠰᠬᠠᠬᠤ ᠤᠷᠤᠯᠳᠤᠭᠠᠨ ᠢ ᠡᠷᠬᠢᠯᠡᠵᠦ᠂ ᠠᠵᠢᠯ ᠣᠯᠵᠤ ᠦᠢᠯᠡᠰ ᠪᠤᠰᠬᠠᠬᠤ ᠣᠷᠴᠢᠨ ᠲᠣᠭᠤᠷᠢᠨ ᠢ ᠳᠠᠰᠤᠷᠠᠯᠳᠠ ᠦᠬᠡᠢ ᠰᠢᠯᠢᠳᠡᠭᠵᠢᠭᠦᠯᠵᠦ᠂ ᠰᠢᠨ᠎ᠡ ᠶᠢ ᠡᠭᠦᠳᠦᠨ ᠦᠢᠯᠡᠰ ᠪᠤᠰᠬᠠᠬᠤ ᠶᠢ ᠵᠣᠷᠢᠭᠵᠢᠭᠤᠯᠤᠨ ᠳᠡᠮᠵᠢᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠦᠰᠡᠯ ᠵᠡᠭᠦᠳᠦ ᠪᠠᠨ ᠡᠪᠦᠷᠯᠡᠵᠦ᠂ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠲᠠᠢ ᠵᠠᠯᠠᠭᠤ ᠴᠢᠳᠠᠪᠤᠷᠢᠲᠠᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠠᠪᠴᠠᠩ ᠪᠠᠶᠢᠭᠤᠯᠤᠨ ᠥᠭᠴᠦ᠂ ᠪᠦᠬᠦ ᠬᠤᠰᠢᠭᠤᠨ ᠤ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃     ᠤᠷᠤᠯᠳᠤᠭᠠᠨ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠡᠶᠢᠮᠦᠷᠬᠦ ᠰᠠᠶᠢᠨ ᠰᠠᠶᠢᠬᠠᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠪᠠ ᠠᠳᠠᠯ ᠦᠢᠯᠡᠰ ᠴᠣᠭᠴᠠᠯᠠᠬᠤ ᠲᠠᠪᠴᠠᠩ ᠲᠠᠢ ᠪᠠᠶᠢᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠴᠢᠷᠮᠠᠶᠢᠨ ᠤᠷᠤᠭᠰᠢᠯᠠᠵᠤ᠂ ᠬᠦᠰᠡᠯ ᠵᠡᠭᠦᠳᠦ ᠪᠠᠨ ᠬᠥᠭᠡᠭᠡᠴᠡᠯᠳᠦᠬᠦ ᠶᠢᠨ ᠵᠡᠷᠭᠡ ᠳᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号