ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠡᠭᠡᠵᠢᠩ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/3/15
ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠡᠭᠡᠵᠢᠩ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ     3 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠡᠭᠡᠵᠢᠩ ᠳᠤ ᠬᠦᠷᠴᠦ ᠬᠤᠸᠠ ᠱᠢ ᠡᠮ ᠡᠮᠨᠡᠯᠭᠡ ᠶᠢᠨ ᠪᠦᠯᠦᠭᠯᠡᠯ᠂ ᠵᠢᠩ ᠾᠦᠢ ᠤᠰᠤᠲᠥ᠋ᠷᠥᠭᠴᠢ ᠡᠨᠧᠷᠭᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠷᠢᠯᠭ᠎ᠠ ᠶᠢᠨ ᠺᠣᠮᠫᠠᠨᠢ᠂ ᠭᠦᠸᠧ ᠨᠧᠩ ᠯᠦᠩ ᠶᠤᠸᠠᠨ᠂ ᠳᠤᠮᠳᠠᠳᠤ ᠤᠯᠤᠰ ᠤᠨ ᠰᠢᠲᠠᠮᠬᠠᠢ ᠬᠡᠢ ᠶᠢᠨ ᠪᠦᠯᠦᠭᠯᠡᠯ ᠶᠢ ᠰᠤᠷᠪᠤᠯᠵᠢᠯᠠᠨ ᠵᠣᠯᠭᠠᠭᠤᠯᠵᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠂ ᠷᠠᠰᠢᠶᠠᠨ ᠤᠰᠤᠨ ᠤ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠵᠡᠷᠭᠡ ᠣᠯᠠᠨ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶ ᠵᠣᠯᠭᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠬᠤᠰᠢᠭᠤᠨ ᠦ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠬᠤᠸᠠ ᠱᠢ ᠡᠮ ᠡᠮᠨᠡᠯᠭᠡ ᠶᠢᠨ ᠪᠦᠯᠦᠭᠯᠡᠯ ᠲᠠᠢ ᠶᠠᠷᠢᠯᠴᠠᠬᠤ ᠳᠤᠮᠳᠠ᠂ ᠬᠤᠸᠠ ᠱᠢ ᠡᠮ ᠡᠮᠨᠡᠯᠭᠡ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠠᠶ ᠰᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠶ ᠭᠦᠨᠵᠡᠭᠡᠶ ᠰᠠᠨᠠᠯ ᠢᠶᠠᠨ ᠰᠣᠯᠢᠯᠴᠠᠪᠠ᠃ ᠹᠠᠩ ᠷᠦᠢ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢ ᠨᠠᠷᠢᠨ ᠲᠠᠨᠢᠯᠴᠠᠭᠤᠯᠵᠤ᠂ ᠬᠤᠸᠠ ᠱᠢ ᠡᠮ ᠡᠮᠨᠡᠯᠭᠡ ᠶᠢᠨ ᠪᠦᠯᠦᠭᠯᠡᠯ ᠤᠨ ᠬᠢᠨ ᠬᠠᠷᠠᠴᠢᠨ ᠬᠤᠰᠢᠭᠤᠨ ᠳᠤ ᠭᠦᠨᠵᠡᠭᠡᠶ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠨ ᠶᠠᠷᠢᠯᠴᠠᠵᠤ᠂ ᠰᠢᠨ᠎ᠡ ᠶᠢ ᠡᠭᠦᠳᠦᠭᠰᠡᠨ ᠡᠮ᠂ ᠳᠠᠭᠤᠷᠢᠶᠠᠮᠠᠯ ᠡᠮ᠂ ᠣᠨᠴᠠ ᠡᠮᠴᠢᠯᠡᠭᠡᠨ ᠤ ᠢᠳᠡᠭᠡᠨ ᠵᠡᠷᠭᠡ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠬᠤ ᠪᠠᠷ ᠴᠢᠷᠮᠠᠶᠢᠵᠤ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠤᠨ ᠦᠨᠡᠨ ᠪᠣᠳᠠᠲᠠᠶ ᠬᠠᠮᠲᠤᠷᠠᠯᠴᠠᠭ᠎ᠠ ᠶᠢ ᠲᠦᠷᠭᠡᠬᠡᠨ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃ ᠬᠤᠸᠠ ᠱᠢ ᠡᠮ ᠡᠮᠨᠡᠯᠭᠡ ᠶᠢᠨ ᠪᠦᠯᠦᠭᠯᠡᠯ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠪᠠᠷᠢᠯ ᠪᠠ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠲᠣᠭᠲᠠᠭᠰᠠᠨ ᠬᠤᠭᠤᠴᠠᠭᠠᠨ ᠳᠤ ᠬᠠᠷᠠᠴᠢᠨ ᠬᠤᠰᠢᠭᠤᠨ ᠳᠤ ᠬᠦᠷᠴᠦ ᠭᠦᠨᠵᠡᠭᠡᠶ ᠵᠣᠯᠭᠠᠭᠤᠯᠤᠨ ᠰᠣᠯᠢᠯᠴᠠᠨ᠎ᠠ ᠭᠡᠵᠦ ᠢᠯᠡᠷᠬᠡᠶᠢᠯᠡᠪᠡ᠃     ᠵᠢᠩ ᠾᠦᠢ ᠤᠰᠤᠲᠥ᠋ᠷᠥᠭᠴᠢ ᠡᠨᠧᠷᠭᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ᠂ ᠭᠦᠸ᠋ᠸ ᠨᠧᠩ ᠯᠦᠩ ᠶᠤᠸᠠᠨ᠂ ᠳᠤᠮᠳᠠᠳᠤ ᠤᠯᠤᠰ ᠤᠨ ᠰᠢᠲᠠᠮᠬᠠᠢ ᠬᠡᠢ ᠶᠢᠨ ᠪᠦᠯᠦᠭᠯᠡᠯ ᠲᠠᠢ ᠶᠠᠷᠢᠯᠴᠠᠬᠤ ᠳᠤᠮᠳᠠ᠂ ᠵᠢᠩ ᠬᠤᠶ ᠤᠰᠤᠲᠥ᠋ᠷᠥᠭᠴᠢ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠦᠨ ᠭᠦᠸᠧ ᠴᠦᠨ ᠬᠠᠮᠲᠤᠷᠠᠯᠴᠠᠭᠠᠨ ᠤ ᠲᠥᠷᠥᠯ ᠵᠦᠢᠯ ᠤᠨ ᠰᠠᠨᠠᠮᠵᠢ ᠵᠢᠴᠢ ᠠᠬᠢᠭᠤᠯᠤᠨ ᠰᠢᠢᠳᠪᠦᠷᠢᠯᠡᠬᠦ ᠴᠢᠬᠤᠯᠠᠲᠠᠶ ᠵᠦᠢᠯᠡᠰ ᠢ ᠨᠠᠷᠢᠨ ᠲᠠᠨᠢᠯᠴᠠᠭᠤᠯᠵᠤ᠂ ᠷᠠᠰᠢᠶᠠᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠯ᠎ᠠ ᠪᠠᠷ ᠬᠠᠷᠠᠴᠢᠨ ᠬᠤᠰᠢᠭᠤ ᠲᠠᠢ ᠤᠯᠠᠮ ᠨᠢᠭᠡ ᠠᠯᠬᠤᠮ ᠭᠦᠨᠵᠡᠭᠡᠶ ᠵᠣᠯᠭᠠᠭᠤᠯᠤᠨ ᠰᠣᠯᠢᠯᠴᠠᠵᠤ᠂ ᠬᠠᠷᠠᠴᠢᠨ ᠬᠤᠰᠢᠭᠤᠨ ᠳᠠᠬᠢ ᠪᠠᠯᠠ ᠣᠷᠣᠭᠤᠯᠤᠯᠲᠠ ᠶᠢᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠭᠡᠵᠦ ᠢᠯᠡᠷᠬᠡᠶᠢᠯᠡᠪᠡ᠃     ᠬᠤᠶᠠᠷ ᠲᠠᠯ᠎ᠠ ᠪᠠᠷ ᠢᠶᠠᠨ᠂ ᠤᠰᠤᠲᠥ᠋ᠷᠥᠭᠴᠢ ᠡᠨᠧᠷᠭᠢ ᠳᠤ ᠪᠣᠬᠢᠷᠲᠤᠯ ᠦᠭᠡᠢ᠂ ᠥᠨᠳᠥᠷ ᠡᠨᠧᠷᠭᠢ ᠲᠠᠢ᠂ ᠢᠷᠡᠯᠲᠡ ᠥᠷᠭᠡᠨ ᠵᠡᠷᠭᠡ ᠣᠨᠴᠠᠯᠢᠭ ᠲᠠᠢ᠂ ᠰᠠᠨᠠᠭᠠᠨ ᠳᠤ ᠨᠡᠶᠢᠴᠡᠭᠰᠡᠨ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠪᠣᠯᠤᠨ᠎ᠠ᠂ ᠮᠥᠨᠴᠦ ᠢᠷᠡᠭᠡᠳᠦᠢ ᠶᠢᠨ ᠭᠤᠣᠯ ᠡᠨᠧᠷᠭᠢ ᠶᠢᠨ ᠰᠤᠷᠪᠤᠯᠵᠢ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠣᠯ ᠤᠰᠤᠲᠥ᠋ᠷᠥᠭᠴᠢ ᠶᠢᠨ ᠡᠨᠧᠷᠭᠢ ᠶᠢ ᠨᠡᠭᠡᠭᠡᠨ ᠠᠰᠢᠭᠯᠠᠬᠤ ᠶᠢ ᠲᠦᠷᠭᠡᠳᠬᠡᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠠᠵᠤ ᠠᠬᠤᠶᠢᠯᠠᠯ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠵᠢᠩ ᠬᠤᠢ ᠤᠰᠤᠲᠥ᠋ᠷᠥᠭᠴᠢ ᠶᠢᠨ ᠡᠨᠧᠷᠭᠢ ︽ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠨᠡᠶᠢᠳᠬᠡᠬᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠠᠷᠢᠮᠲᠠᠯᠠᠵᠤ᠂ ᠤᠰᠤᠲᠥ᠋ᠷᠥᠭᠴᠢ ᠶᠢᠨ ᠡᠨᠧᠷᠭᠢ ᠶᠢᠨ ᠬᠥᠭᠵᠢᠯᠲᠡ ᠶᠢᠨ ᠠᠵᠢᠯ ᠲᠦᠷᠦᠯ ᠠᠯᠤᠰᠯᠠᠭᠰᠠᠨ ᠪᠦᠬᠦ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠬᠠᠶᠢᠨ ᠰᠦᠪᠡᠭᠴᠢᠯᠡᠨ᠎ᠡ᠃    
640 (1).jpg
 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号