ᠬᠤᠰᠢᠭᠤᠨ ᠳᠠᠷᠤᠭ᠎ᠠ ᠵᠣᠣ ᠶᠠᠨ ᠬᠤᠩ ᠨᠢᠤ ᠵᠢᠶᠠ ᠢᠩᠽᠢ ᠪᠠᠯᠭᠠᠰᠤᠨ ᠳᠤ ᠬᠦᠷᠴᠦ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/18
     3 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠨᠢᠤ ᠵᠢᠶᠠ ᠢᠩᠽᠢ ᠪᠠᠯᠭᠠᠰᠤᠨ ᠳᠤ ᠬᠦᠷᠴᠦ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠤᠭᠴᠠᠵᠢᠭᠤᠯᠬᠤ︾ ᠥᠭᠡᠷᠡᠴᠢᠯᠡᠯᠲᠡ᠂ ᠠᠵᠤ ᠦᠢᠯᠡᠰ ᠤᠨ ᠬᠥᠭᠵᠢᠯᠲᠡ ᠪᠠ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃     ᠵᠣᠣ ᠶᠠᠨ ᠬᠤᠩ ᠨᠠᠷ ᠨᠢᠦ ᠵᠢᠶᠠ ᠢᠩᠽᠢ ᠪᠠᠯᠭᠠᠰᠤᠨ ᠤ ᠴᠧᠨ ᠵᠢᠶᠠ ᠢᠩᠽᠢ ᠲᠣᠰᠬᠤᠨ ᠤ ᠴᠧᠨ ᠵᠢᠶᠠ ᠭᠧᠦ ᠶᠢᠨ ᠪᠠᠷᠢᠯᠭ᠎ᠠ ᠶᠢᠨ ᠬᠤᠭ ᠰᠢᠷᠣᠶ ᠰᠢᠩᠭᠡᠭᠡᠬᠦ ᠲᠠᠯᠠᠪᠠᠶ ᠳᠤ ᠭᠦᠨᠵᠡᠭᠡᠶᠢᠷᠡᠵᠦ᠂ ᠲᠤ ᠴᠧᠩ ᠽᠢ ᠲᠣᠰᠬᠤᠨ ᠤ ᠠᠷᠠᠳ ᠤᠨ ᠵᠥᠪᠯᠡᠯ ︵ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ︶᠂ ᠰᠢ ᠱᠠᠨ ᠤ ᠳᠠᠬᠢᠯᠲᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠬᠦᠷᠢᠶᠡᠯᠡᠩ᠂ ᠨᠢᠤ ᠵᠢᠶᠠ ᠢᠩᠽᠢ ᠲᠣᠰᠬᠤᠨ ᠤ ᠬᠠᠭᠤᠴᠢᠨ ᠲᠣᠭᠤᠰᠬ᠎ᠠ ᠶᠢᠨ ᠦᠢᠯᠡᠳᠪᠦᠷᠢ ︵ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ︶᠂ ᠨᠢᠤ ᠵᠢᠶᠠ ᠢᠩᠽᠢ ᠲᠣᠰᠬᠤᠨ ᠤ ᠬᠠᠭᠤᠴᠢᠨ ᠰᠤᠷᠭᠠᠭᠤᠯᠢ ︵ᠺᠠᠩ ᠶᠠᠩ ᠪᠦᠲᠦᠭᠡᠭᠳᠡᠬᠦᠨ ᠤ ᠰᠤᠳᠤᠯᠤᠨ ᠨᠡᠭᠡᠭᠡᠬᠦ ᠲᠥᠪ︶᠂ ᠨᠢᠤ ᠵᠢᠶᠠ ᠶᠢᠩᠽᠢ ᠪᠠᠯᠭᠠᠰᠤᠨ ᠤ ᠬᠠᠭᠤᠴᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠤᠯᠠᠭᠠᠨᠬᠠᠳᠠ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠢᠨ᠎ᠡ ᠶᠢ ᠡᠭᠦᠳᠦᠨ ᠨᠡᠪᠴᠢᠭᠦᠯᠬᠦ ᠰᠠᠭᠤᠷᠢᠨ ᠭᠠᠵᠠᠷ ᠵᠡᠷᠭᠡ ᠭᠠᠵᠠᠷ ᠲᠦ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠯᠪᠠᠯᠠᠵᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠨᠢᠦ ᠵᠢᠶᠠ ᠢᠩᠽᠢ ᠪᠠᠯᠭᠠᠰᠤᠨ ᠤ ᠵᠠᠰᠠᠭ ᠤᠨ ᠣᠷᠳᠣᠨ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠨᠢᠦ ᠵᠢᠶᠠ ᠢᠩᠽᠢ ᠪᠠᠯᠭᠠᠰᠤ ᠨᠢ ︽ᠳᠤᠮᠳᠠᠳᠤ ᠤᠯᠤᠰ ᠤᠨ ᠤᠮᠠᠷᠠᠲᠤ ᠡᠯᠡᠰᠦᠨ ᠣᠷᠬᠤᠳᠠᠶ᠂ ᠬᠤᠷᠳᠤᠨ ᠴᠠᠭᠠᠨ ᠤ ᠨᠤᠲᠤᠭ︾ ︽ᠳᠤᠮᠳᠠᠳᠤ ᠤᠯᠤᠰ ᠤᠨ ᠲᠠᠪᠤᠨ ᠶᠡᠭᠡ ᠪᠣᠬᠢᠷᠲᠤᠯ ᠥᠬᠡᠶ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ︾ ᠪᠣᠯᠤᠭᠰᠠᠨ ᠤ ᠬᠤᠪᠢ ᠳᠤ᠂ ᠲᠣᠰ ᠪᠡᠶ᠎ᠡ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠪᠠᠨ ᠤᠶᠠᠯᠳᠤᠭᠤᠯᠤᠨ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠤᠨᠴᠠᠯᠢᠭᠳᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠶ᠃ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠲᠦ ᠬᠤᠭᠤᠯᠠ᠂ ᠡᠮᠲᠦ ᠠᠷᠢᠬᠢ᠂ ᠡᠮᠲᠦ ᠴᠠᠢ᠂ ᠡᠮᠲᠦ ᠤᠬᠢᠶᠠᠯ ᠵᠡᠷᠭᠡ ᠪᠦᠲᠦᠭᠡᠭᠳᠡᠬᠦᠨ ᠢ ᠨᠠᠷᠢᠨ ᠨᠢᠮᠪᠠᠢ ᠰᠦᠪᠡᠭᠴᠢᠯᠡᠨ ᠨᠡᠭᠡᠭᠡᠨ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠠᠢ ᠃     ᠵᠤᠤ ᠶᠠᠨ ᠬᠤᠩ ᠴᠢᠩᠭᠠᠳᠬᠠᠭᠰᠠᠨ ᠨᠢ ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠣᠯᠤᠨ ︽ᠭᠤᠷᠪᠠ ᠶᠢ ᠨᠢᠭᠡ ᠴᠤᠬᠴᠠᠵᠢᠭᠤᠯᠬᠤ︾ ᠥᠭᠡᠷᠡᠴᠢᠯᠡᠯᠲᠡ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠦ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠲᠤᠰ ᠪᠡᠶ᠎ᠡ ᠶᠢᠨ ᠣᠨᠴᠠᠯᠢᠭ ᠢᠶᠠᠨ ᠲᠤᠪᠤᠶᠢᠯᠭᠠᠵᠤ᠂ ᠡᠬᠢ ᠪᠠᠶᠠᠯᠢᠭ ᠢ ᠰᠠᠶᠢᠲᠤᠷ ᠡᠮᠬᠢᠯᠡᠨ ᠨᠡᠶᠢᠯᠡᠭᠦᠯᠵᠦ᠂ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠲᠣᠰᠬᠤᠨ ᠤ ᠱᠠᠳᠤ ᠪᠠᠷ ᠭᠤᠣᠯ ᠴᠣᠭᠴᠠ ᠪᠣᠯᠭᠠᠬᠤ᠂ ᠤᠯᠠᠨ ᠲᠦᠮᠡᠨ ᠣᠷᠣᠯᠴᠠᠬᠤ︾ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ ᠪᠠ ᠲᠣᠯᠣᠭᠠᠶᠢᠯᠠᠭᠴᠢ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶᠠᠨ ᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠲᠠᠷᠢᠶᠠᠴᠢᠳ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠲᠠᠷᠢᠶᠠᠴᠢᠳ ᠢ ᠦᠨᠡᠨ ᠬᠦ ᠥᠭᠡᠷᠡᠴᠢᠯᠡᠯᠲᠡ ᠶᠢᠨ ᠣᠷᠣᠯᠴᠠᠭᠴᠢ ᠪᠠ ᠠᠰᠢᠭ ᠬᠦᠷᠳᠡᠭᠴᠢ ᠪᠣᠯᠭᠠᠬᠤ ᠬᠡᠷᠡᠭᠲᠡᠶ ᠭᠡᠵᠠᠢ ᠃     ᠵᠤᠤ ᠶᠠᠨ ᠬᠤᠩ ᠱᠠᠭᠠᠷᠳᠠᠭᠰᠠᠨ ᠨᠢ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠪᠠᠲᠤ ᠡᠵᠡᠮᠳᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠤᠷᠢᠳᠠᠪᠠᠷ ᠲᠥᠯᠥᠪᠵᠢᠭᠦᠯᠵᠦ᠂ ᠲᠦᠷᠦᠯ ᠬᠤᠪᠢᠶᠠᠨ ᠠᠬᠢᠭᠤᠯᠵᠤ᠂ ᠣᠷᠣᠭᠤᠯᠤᠯᠲᠠ ᠪᠠᠨ ᠨᠡᠮᠡᠭᠳᠡᠭᠦᠯᠵᠦ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠦᠳᠦᠭᠡᠨ ᠪᠠᠶᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠪᠡ ᠃     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠤᠤ ᠶᠠᠨ ᠬᠤᠩ ᠪᠠᠰᠠ ᠤᠢ ᠰᠢᠭᠤᠢ ᠶᠢᠨ ᠠᠶᠤᠯᠭᠦᠢ ᠦᠢᠯᠡᠳᠪᠦᠷᠢᠯᠡᠯ᠂ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠢᠳᠡᠭᠡᠨ ᠪᠠ ᠡᠮ ᠤᠨ ᠠᠮᠤᠷ ᠲᠦᠪᠰᠢᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号