ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠳᠠᠷᠤᠭ᠎ᠠ ᠵᠣᠣ ᠶᠠᠨ ᠬᠤᠩ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/19
     3 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠳᠠᠷᠤᠭ᠎ᠠ ᠵᠣᠣ ᠶᠠᠨ ᠬᠤᠩ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠴᠣᠬᠤᠶ ᠶᠢᠨ ᠴᠢᠯᠠᠭᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠲᠤᠬᠠᠶ ᠭᠦᠨᠵᠡᠭᠡᠶ ᠵᠣᠯᠭᠠᠭᠤᠯᠤᠨ ᠵᠥᠪᠳᠡᠯᠴᠡᠪᠡ᠃     ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠶᠡᠷᠦᠩᠬᠡᠢ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠡ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠮᠠ ᠵᠧᠨ ᠵᠦ᠂ ᠪᠸᠢ ᠰᠢᠨ ᠪᠦᠯᠦᠭᠯᠡᠯ ᠤᠨ ᠪᠠᠷᠢᠯᠭ᠎ᠠ ᠶᠢᠨ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠡ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠢᠨ ᠽᠢ ᠪᠥᠸᠧ᠂ ᠨᠢᠩᠰᠢᠶᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠡ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠢᠦᠢ ᠯᠢᠨ ᠨᠡᠷ ᠤᠷᠢᠳ ᠬᠤᠵᠢᠳ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠴᠤᠬᠤᠢ ᠶᠢᠨ ᠴᠢᠯᠠᠭᠤᠨ ᠠᠭᠤᠷᠬᠠᠢ ᠳᠤ ᠰᠢᠨᠵᠢᠯᠡᠨ ᠪᠠᠶᠢᠴᠠᠭᠠᠪᠠ᠃     ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠮᠠᠨ ᠤ ᠬᠤᠰᠢᠭᠤᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠬᠤᠰᠢᠭᠤᠨ ᠤ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ᠂ ᠬᠤᠶᠠᠷ ᠲᠠᠯ᠎ᠠ ᠪᠠᠷ ᠢᠶᠠᠨ ᠰᠢᠨ᠎ᠡ ᠮᠠᠲ᠋ᠧᠷᠢᠶᠠᠯ ᠤᠨ ᠬᠦᠷᠢᠶᠡᠨ ᠳᠤ ᠭᠦᠨᠵᠡᠭᠡᠶ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ︽ᠳᠡᠭᠡᠳᠦ᠂ ᠨᠠᠷᠢᠯᠢᠭ᠂ ᠣᠨᠴᠠᠭᠠᠶ᠂ ᠰᠢᠨ᠎ᠡ︾ ᠲᠥᠷᠥᠯ ᠵᠦᠢᠯ ᠤᠨ ᠬᠦᠷᠢᠶᠡᠯᠡᠩ ᠲᠣᠭᠤᠷᠢᠭ ᠲᠤ ᠣᠷᠣᠬᠤ ᠶᠢ ᠳᠥᠯᠭᠢᠨ ᠠᠬᠢᠭᠤᠯᠵᠤ᠂ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠬᠢᠭᠡᠳ ᠣᠲᠣ ᠦᠶ᠎ᠡ ᠶᠢᠨ ᠢᠵᠢ ᠪᠥᠷᠢᠳᠦᠭᠦᠯᠬᠦ ᠦᠢᠯᠡᠴᠢᠯᠡᠭᠡᠨ ᠤ ᠦᠢᠯᠡᠰ ᠤᠨ ᠬᠠᠷᠢᠯᠴᠠᠨ ᠠᠭᠤᠰᠤᠯᠴᠠᠭᠰᠠᠨ ᠣᠳᠣᠬᠢᠴᠢᠯᠠᠭᠰᠠᠨ ᠤᠶᠤᠨᠲᠤ ᠬᠦᠷᠢᠶᠡᠯᠡᠩ ᠲᠣᠭᠤᠷᠢᠭ ᠪᠣᠯᠭᠠᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃     ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠴᠤᠬᠤᠢ ᠶᠢᠨ ᠴᠢᠯᠠᠭᠤ ᠶᠢᠨ ᠠᠭᠤᠷᠬᠠᠢ ᠳᠤ᠂ ᠬᠤᠶᠠᠷ ᠲᠠᠯ᠎ᠠ ᠪᠠᠷ ᠢᠶᠠᠨ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ ᠠᠭᠤᠷᠬᠠᠢ ᠶᠢᠨ ᠮᠠᠯᠲᠠᠯᠲᠠ᠂ ᠦᠢᠯᠡᠳᠪᠦᠷᠢᠯᠡᠯ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠢ ᠨᠠᠷᠢᠨ ᠨᠢᠭᠲᠠ ᠣᠶᠢᠯᠠᠭᠠᠯᠴᠠᠵᠠᠢ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠪᠠᠷ ᠳᠠᠮᠵᠢᠭᠤᠯᠵᠤ᠂ ᠤᠯᠠᠮᠵᠢᠯᠠᠯᠲᠤ ᠪᠠᠷᠢᠯᠭ᠎ᠠ ᠶᠢᠨ ᠮᠠᠲ᠋ᠧᠷᠢᠶᠠᠯ ᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠵᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠴᠤᠬᠤᠢ ᠶᠢᠨ ᠴᠢᠯᠠᠭᠤ ᠶᠢᠨ ᠡᠬᠢ ᠪᠠᠶᠠᠯᠢᠭ ᠢ ᠭᠦᠨᠵᠡᠭᠡᠢ ᠨᠡᠭᠡᠭᠡᠨ ᠠᠰᠢᠭᠯᠠᠬᠤ ᠶᠢ ᠪᠡᠶᠡᠯᠡᠭᠦᠯᠵᠦ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号