︽︿ᠬᠠᠷᠠᠴᠢᠨ ᠬᠤᠰᠢᠭᠤᠨ ᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ ᠶᠢᠨ ᠠᠯᠪᠠᠨ ᠬᠡᠷ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠠᠷᠠᠴᠢᠨ ᠨᠠᠮ ᠠᠯᠪᠠᠨ ᠲᠠᠷᠬᠠᠭᠠᠭᠰᠠᠨ 2021 13 ᠳ᠋ᠤᠭᠠᠷ ᠲᠣᠭᠠᠲᠤ︶ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/3/2
  ︽︿ᠬᠠᠷᠠᠴᠢᠨ ᠬᠤᠰᠢᠭᠤᠨ ᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ ᠶᠢᠨ ᠠᠯᠪᠠᠨ ᠬᠡᠷ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠠᠷᠠᠴᠢᠨ ᠨᠠᠮ ᠠᠯᠪᠠᠨ ᠲᠠᠷᠬᠠᠭᠠᠭᠰᠠᠨ 2021 13 ᠳ᠋ᠤᠭᠠᠷ ᠲᠣᠭᠠᠲᠤ︶ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ  ︽︿ᠬᠠᠷᠠᠴᠢᠨ ᠬᠤᠰᠢᠭᠤᠨ ᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠯ ᠤᠨ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠠᠷᠠᠴᠢᠨ ᠬᠤᠰᠢᠭᠤᠨ ᠤ ᠨᠠᠮ ᠠᠯᠪᠠᠨ ᠲᠠᠷᠬᠠᠭᠠᠭᠰᠠᠨ 2021 13 ᠳ᠋ᠤᠭᠠᠷ ᠲᠣᠭᠠᠲᠤ︶ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ  ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ 2019 22 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠰᠠᠭᠤᠷᠢ ᠶᠢ ᠴᠢᠩᠭᠠᠳᠬᠠᠬᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠬᠡᠰᠡᠭ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠨ᠂ ᠦᠨᠳᠦᠰᠦᠨ ᠱᠠᠲᠤᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠲᠤ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠬᠢᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ᠃ ︽︿ᠬᠠᠷᠠᠴᠢᠨ ᠬᠤᠰᠢᠭᠤᠨ ᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠯ ᠤᠨ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 140 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ︵2021 ᠣᠨ ᠤ 9 ᠳ᠋ᠦᠭᠡᠷ ᠤᠳᠠᠭ᠎ᠠ︶ ᠨᠢᠭᠡᠨᠲᠡ ᠰᠤᠳᠤᠯᠤᠨ ᠬᠢᠨᠠᠨ ᠵᠥᠪᠯᠡᠵᠦ ᠪᠠᠲᠤᠯᠠᠭᠠᠳ ᠱᠠᠭᠠᠷᠳᠠᠯᠭ᠎ᠠ ᠶᠣᠰᠣᠭᠠᠷ ᠵᠠᠷᠯᠠᠨ ᠨᠡᠶᠢᠲᠡᠯᠡᠪᠡ᠃  ᠬᠠᠷᠠᠴᠢᠨ ᠬᠤᠰᠢᠭᠤᠨ ᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠵᠢᠯᠣᠭᠤᠳᠬᠤ ᠭᠠᠷᠴᠠᠭ﹀ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨ ᠨᠢᠰᠬᠡᠯ ᠣᠷᠣᠨ ᠲᠤᠭ᠎ᠠ ᠠᠯᠪᠠᠨ ᠲᠠᠷᠬᠠᠭᠠᠭᠰᠠᠨ 2022 22 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠬᠤ ᠶᠢᠨ ᠲᠥᠯᠥᠭᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠵᠦ ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡᠯᠡᠵᠦ ᠪᠥᠬᠦᠶ ᠭᠤᠤᠯ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠳᠦᠭᠡ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠵᠢᠯᠣᠭᠤᠳᠬᠤ ᠭᠠᠷᠴᠠᠭ︾ ᠲᠤ ᠨᠡᠶᠢᠲᠡ 5 ᠲᠥᠷᠥᠯ ᠵᠦᠢᠯ 152 ᠵᠦᠢᠯ ᠤᠨ ᠪᠣᠳᠠᠲᠠᠶ ᠵᠦᠢᠯᠡᠰ ᠲᠤ ᠬᠤᠯᠪᠣᠭᠳᠠᠵᠤ᠂ ᠲᠣᠰ ᠲᠣᠰ ᠨᠠᠮ ᠤᠨ ᠪᠠᠶᠢᠭᠤᠯᠤᠯᠲᠠ ᠶᠢᠨ 30 ᠵᠦᠢᠯ ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ 25 ᠵᠦᠢᠯ ᠂ ᠠᠵᠤ ᠠᠬᠤᠶ ᠶᠢᠨ ᠬᠥᠭᠵᠢᠯᠲᠡ ᠶᠢᠨ 39 ᠵᠦᠢᠯ ᠂ ᠨᠡᠶᠢᠭᠡᠮ ᠤᠨ ᠵᠠᠰᠠᠯᠲᠠ ᠶᠢᠨ 25 ᠵᠦᠢᠯ᠂ ᠣᠯᠠᠨ ᠨᠡᠶᠢᠲᠡ ᠶᠢᠨ ᠦᠢᠯᠡᠴᠢᠯᠡᠭᠡᠨ ᠤ 33 ᠵᠦᠢᠯ ᠢ ᠱᠠᠭᠠᠷᠳᠠᠯᠭ᠎ᠠ ᠶᠣᠰᠣᠭᠠᠷ ᠢᠯᠡ ᠨᠡᠶᠢᠲᠡᠯᠡᠨ᠎ᠡ᠃  ᠬᠤᠰᠢᠭᠤ ᠰᠢᠶᠠᠨ ︵ᠬᠤᠲᠠ᠂ ᠲᠣᠭᠤᠷᠢᠭ︶ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ   ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽︿ᠬᠤᠰᠢᠭᠤ ᠰᠢᠶᠠᠨ ︵ᠬᠤᠲᠠ᠂ ᠲᠣᠭᠤᠷᠢᠭ︶ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠢᠯᠣᠭᠤᠳᠬᠤ ᠭᠠᠷᠴᠠᠭ﹀ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠰᠢᠶᠠᠩ ᠪᠠᠯᠭᠠᠰᠤ ᠪᠠ ᠵᠡᠭᠡᠯᠢ ᠭᠤᠳᠤᠮᠵᠢ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠥᠯᠥᠭᠡ᠂ ︽ᠬᠠᠷᠢᠶ᠎ᠠ ᠣᠷᠣᠨ ᠤ ᠬᠠᠮᠢᠶᠠᠷᠤᠯᠲᠠ︾ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠵᠦ᠂ ᠬᠢᠯᠢ ᠶᠢᠨ ᠵᠠᠭᠠᠭ ᠲᠣᠳᠣᠷᠬᠠᠶ᠂ ᠠᠵᠢᠯ ᠤᠨ ᠬᠤᠪᠢᠶᠠᠷᠢᠯᠠᠯ ᠵᠣᠬᠢᠰᠲᠠᠶ᠂ ᠡᠷᠬᠡ ᠬᠠᠷᠢᠭᠤᠴᠠᠯᠭ᠎ᠠ ᠨᠢᠭᠡᠳᠦᠯᠲᠡᠶ ᠦᠨᠳᠦᠰᠦᠨ ᠱᠠᠲᠤᠨ ᠤ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠤᠶ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠷᠮᠠᠶᠢᠨ ᠠᠬᠢᠭᠤᠯᠵᠤ᠂ ᠡᠳᠦᠭᠡ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠢᠯᠣᠭᠤᠳᠬᠤ ᠭᠠᠷᠴᠠᠭ︾ ᠤᠨ ᠬᠤᠲᠠ ᠬᠥᠳᠡᠭᠡ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ 38 ᠵᠦᠢᠯ ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠶᠢᠨ 35 ᠵᠦᠢᠯ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶ᠎ᠡ ᠴᠠᠷᠠᠭ᠎ᠠ ᠶᠢᠨ 59 ᠵᠦᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ 16 ᠵᠦᠢᠯ ᠂ ᠣᠶ ᠰᠢᠭᠤᠶ ᠡᠪᠡᠰᠦ ᠪᠡᠯᠴᠢᠭᠡᠷ ᠤᠨ ᠬᠦᠷᠢᠶ᠎ᠡ ᠴᠠᠷᠠᠭ᠎ᠠ ᠶᠢᠨ 48 ᠵᠦᠢᠯ ᠂ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ 25 ᠵᠦᠢᠯ ᠢ ᠱᠠᠭᠠᠷᠳᠠᠯᠭ᠎ᠠ ᠶᠣᠰᠣᠭᠠᠷ ᠢᠯᠡ ᠨᠡᠶᠢᠲᠡᠯᠡᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号