ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ︾ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2023/3/2
     ᠪᠠᠭᠰᠢ ᠰᠤᠷᠤᠭᠴᠢᠳ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠳᠤ ᠬᠤᠯᠪᠣᠭᠳᠠᠬᠤ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠶᠢᠨ ᠲᠥᠯᠥᠭᠡ᠂ 3 ᠰᠠᠷ᠎ᠠ ᠶᠢᠨ 1 ᠤ ᠡᠳᠦᠷ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠢᠨᠠᠨ ᠪᠠᠶᠢᠴᠠᠭᠠᠬᠤ ᠲᠠᠰᠤᠭ ᠤᠨ ᠵᠢᠨᠱᠠᠨ ᠨᠢᠭᠡᠳᠦᠭᠡᠷ ᠪᠠᠭ᠎ᠠ ᠰᠤᠷᠭᠠᠭᠤᠯᠢ ᠳᠤ ᠣᠷᠣᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠰᠤᠷᠭᠠᠭᠤᠯᠢ ᠶᠢᠨ ᠠᠮᠤᠷ ᠲᠦᠪᠰᠢᠨ ᠤ ᠠᠩᠬᠠᠨ ᠤ ᠬᠢᠴᠢᠶᠡᠯ — ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠨ᠎ᠠ᠃     ᠬᠢᠴᠢᠶᠡᠯ ᠤᠨ ᠲᠠᠩᠬᠢᠮ ᠳᠤ᠂ ᠤᠬᠠᠭᠤᠯᠤᠨ ᠲᠠᠶᠢᠯᠪᠤᠷᠢᠯᠠᠭᠴᠢ ᠣᠯᠠᠨ ᠵᠠᠭᠤᠴᠢᠯᠠᠭᠤᠷ ᠤᠨ ᠵᠢᠭᠠᠨ ᠰᠤᠷᠭᠠᠯᠲᠠ ᠪᠠᠷ ᠳᠡᠮᠵᠢᠨ᠂ ᠦᠯᠢᠭᠡᠷ ᠶᠠᠷᠢᠬᠤ᠂ ᠠᠰᠠᠭᠤᠳᠠᠯ ᠳᠤᠷᠠᠳᠬᠤ ᠵᠡᠷᠭᠡ ᠬᠠᠷᠢᠯᠴᠠᠨ ᠦᠢᠯᠡᠳᠦᠯᠴᠡᠬᠦ ᠬᠡᠯᠪᠡᠷᠢ ᠪᠠᠷ ᠬᠢᠴᠢᠶᠡᠯᠯᠡᠬᠦ ᠪᠡᠷ ᠳᠠᠮᠵᠢᠨ ᠰᠤᠷᠤᠭᠴᠢᠳ ᠲᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ ᠶᠢ ᠤᠯᠠᠮᠵᠢᠯᠠᠵᠤ᠂ ᠴᠠᠬᠢᠯᠭᠠᠨ ᠱᠠᠳᠤ ᠶᠢᠨ ᠠᠵᠢᠯᠯᠠᠭᠠᠨ ᠤ ᠤᠭ ᠶᠣᠰᠣ᠂ ᠠᠮᠤᠷ ᠲᠦᠪᠰᠢᠨ ᠢᠶᠠᠷ ᠰᠠᠭᠤᠬᠤ᠂ ᠬᠠᠰᠢᠭᠳᠠᠬᠤ ᠠᠶᠤᠯ ᠲᠤᠯᠭᠠᠷᠠᠬᠤ ᠦᠶ᠎ᠡ ᠳᠦ ᠥᠪᠡᠷ ᠢ ᠪᠠᠨ ᠠᠪᠤᠷᠠᠬᠤ ᠵᠡᠷᠭᠡ ᠮᠡᠳᠡᠯᠭᠡ ᠶᠢ ᠲᠠᠨᠢᠯᠴᠠᠭᠤᠯᠵᠤ᠂ ᠤᠢᠢᠷ᠎ᠠ ᠶᠢᠨ ᠬᠡᠳᠦᠨ ᠵᠢᠯ ᠳᠤ ᠡᠭᠦᠰᠦᠭᠰᠡᠨ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠶᠠᠷᠢᠵᠤ᠂ ᠠᠶᠤᠯᠲᠠᠢ ᠦᠶ᠎ᠡ ᠳᠤ ᠰᠣᠬᠤᠷ ᠪᠠᠯᠠᠢ ᠪᠠᠷ ᠥᠪᠡᠷ ᠢ ᠪᠠᠨ ᠠᠪᠤᠷᠠᠬᠤ ᠶᠢᠨ ᠬᠤᠣᠷ ᠬᠥᠨᠥᠭᠡᠯ ᠢ ᠲᠠᠶᠢᠯᠪᠤᠷᠢᠯᠠᠵᠤ᠂ ᠰᠤᠷᠤᠭᠴᠢᠳ ᠲᠤ ᠠᠶᠤᠯᠲᠠᠢ ᠦᠶ᠎ᠡ ᠳᠤ ᠶᠠᠮᠠᠷ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠶᠢ ᠤᠯᠠᠮ ᠴᠢᠨᠠᠭᠰᠢᠳᠠ ᠣᠶᠢᠯᠠᠭᠠᠭᠤᠯᠵᠤ ᠡᠵᠡᠮᠰᠢᠭᠦᠯᠵᠡᠢ᠃     ᠱᠠᠩᠨᠠᠯ ᠲᠠᠢ ᠥᠷᠢᠰᠥᠯᠳᠦᠨ ᠬᠠᠷᠢᠭᠤᠯᠬᠤ ᠵᠠᠩᠭᠢᠯᠠᠭ᠎ᠠ ᠳᠤ᠂ ᠰᠤᠷᠤᠭᠴᠢᠳ ᠲᠠᠷᠢᠬᠢ ᠪᠠᠨ ᠬᠥᠳᠡᠯᠭᠡᠵᠦ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠠᠰᠠᠭᠤᠳᠠᠯ ᠢ ᠢᠳᠡᠪᠬᠢᠲᠡᠢ ᠬᠠᠷᠢᠭᠤᠯᠵᠤ ᠪᠠᠶᠢᠭ᠎ᠠ ᠰᠤᠷᠤᠭᠴᠢᠳ ᠲᠤ ᠵᠢᠵᠢᠭ ᠪᠡᠯᠡᠭ ᠤᠨ ᠡᠳ᠋ ᠱᠠᠩᠨᠠᠵᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ ᠳᠤᠮᠳᠠ ᠰᠤᠷᠤᠭᠴᠢᠳ ᠲᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠣᠶᠢᠯᠠᠭᠠᠭᠤᠯᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠲᠠᠨᠢᠭᠤᠯᠤᠭᠰᠠᠨ ᠪᠥᠭᠡᠳ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠣᠶᠢᠯᠠᠭᠠᠭᠤᠯᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠦᠯᠦ ᠮᠡᠳᠡᠭᠴᠢ ᠪᠠᠷ ᠳᠡᠭᠡᠭᠰᠢᠯᠡᠭᠦᠯᠦᠭᠰᠡᠨ ᠪᠠᠶᠢᠨ᠎ᠠ᠃     ᠲᠣᠰ ᠤᠳᠠᠭᠠᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ︽ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠨᠢ ᠰᠣᠷᠣᠭᠴᠢ ᠪᠣᠯᠤᠨ ᠪᠠᠭᠰᠢ ᠨᠠᠷ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ︽ᠲᠠᠪᠤ ᠶᠢ ᠠᠬᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠣᠯᠠᠨ ᠨᠡᠶᠢᠲᠡ ᠶᠢᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠠᠮᠤᠷ ᠲᠦᠪᠰᠢᠨ ᠬᠥᠮᠦᠨ ᠪᠦᠬᠦᠨ ᠤ ᠲᠥᠯᠥᠭᠡ ᠵᠢᠳᠬᠦᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号