︽2023 ᠣᠨ ᠤ ᠬᠠᠪᠤᠷ ᠤᠨ ᠤᠯᠠᠷᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠠᠶᠢᠯᠤᠮᠵᠢ︾ ᠰᠢᠷᠢᠰ ᠠᠵᠢᠯᠯᠠᠭ᠎ᠠ ᠨᠠᠷᠢᠨ ᠪᠠᠯᠭᠠᠰᠤᠨ ᠳᠤ ᠡᠬᠢᠯᠡᠪᠡ
ᠨᠡᠶᠢᠲᠡᠯᠡᠭᠰᠡᠨ ᠴᠠᠭ᠄
2023/3/24
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠪᠠ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠬᠠᠮᠲᠤᠷᠠᠨ ᠡᠷᠭᠢᠯᠡᠭᠰᠡᠨ ︽2023 ᠣᠨ ᠤ ᠬᠠᠪᠤᠷ ᠤᠨ ᠤᠯᠠᠷᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠠᠶᠢᠯᠤᠮᠵᠢ︾ ᠶᠢᠨ ᠰᠢᠷᠢᠰ ᠠᠵᠢᠯᠯᠠᠭ᠎ᠠ ᠨᠢ ᠨᠠᠷᠢᠨ ᠪᠠᠯᠭᠠᠰᠤᠨ ᠤ ᠫᠢᠩ ᠠᠨ ᠳ᠋ᠢ ᠲᠣᠰᠬᠤᠨ ᠳᠤ ᠡᠬᠢᠯᠡᠪᠡ᠃     ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠯᠢᠶᠠᠩ ᠸᠠᠨ ᠷᠦᠢ ᠤᠯᠤᠰ ᠤᠨ ᠳᠣᠲᠣᠭᠠᠳᠤ ᠭᠠᠳᠠᠭᠠᠳᠤ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠲᠠᠶᠢᠯᠪᠤᠷᠢᠯᠠᠨ ᠶᠠᠷᠢᠵᠤ᠂ ᠮᠠᠨ ᠤ ᠬᠤᠰᠢᠭᠤᠨ ᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠢᠷᠡᠭᠡᠳᠦᠶ ᠶᠢ ᠪᠠᠷᠠᠯᠠᠪᠠ ︔ ᠳᠡᠭᠡᠳᠦ ᠵᠡᠷᠭᠡ ᠶᠢᠨ ᠮᠠᠯ ᠤᠨ ᠡᠮᠴᠢ ᠸᠠᠩ ᡁᠢ ᠬᠤᠩ ᠬᠡᠪᠢᠭᠴᠢ ᠠᠮᠢᠲᠠᠨ ᠤ ᠬᠠᠪᠤᠷ ᠤᠨ ᠤᠯᠠᠷᠢᠯ ᠤᠨ ᠰᠢᠮᠡᠭᠦᠷ ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠢ ᠲᠠᠶᠢᠯᠪᠤᠷᠢᠯᠠᠪᠠ᠃     ᠠᠵᠢᠯᠯᠠᠭ᠎ᠠ ᠶᠢᠨ ᠳᠤᠮᠳᠠ᠂ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠷᠦᠩᠬᠡᠶ ᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢᠭᠤᠷᠲᠠᠨ ᠲᠠᠶᠢᠯᠪᠤᠷᠢᠯᠠᠬᠤ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ᠂ ᠳᠠᠷᠢᠵᠤ ᠲᠡᠵᠢᠭᠡᠬᠦ ᠮᠡᠷᠭᠡᠵᠢᠯ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠦᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ ᠪᠥᠬᠦᠶ ᠮᠡᠳᠡᠯᠭᠡ ᠶᠢ ᠣᠯᠠᠨ ᠲᠦᠮᠡᠨ ᠤ ᠬᠠᠵᠠᠭᠤ ᠳᠤ ᠬᠦᠷᠭᠡᠵᠦ᠂ ᠲᠣᠰᠬᠤᠨ ᠤ ᠠᠷᠠᠳ ᠤᠨ ᠮᠡᠳᠡᠯᠭᠡ ᠶᠢᠨ ᠨᠥᠭᠡᠴᠡ ᠶᠢ ᠥᠷᠭᠡᠳᠬᠡᠭᠰᠡᠨ ᠪᠠᠶᠢᠨ᠎ᠠ᠃ ᠲᠤᠰ ᠤᠳᠠᠭ᠎ᠠ ᠶᠢᠨ ᠠᠵᠢᠯᠯᠠᠭ᠎ᠠ ᠳᠤ ᠪᠠᠰᠠ ᠬᠤᠢ ᠡᡁᠧ ᠲᠠᠷᠢᠶᠠᠯᠠᠩ ᠤᠨ ᠴᠢᠬᠢ ᠪᠤᠶᠢᠵᠢᠭᠤᠯᠬᠤ ᠦᠢᠯᠡᠳᠪᠦᠷᠢ᠂ ᠵᠢᠶᠠ ᠬᠠᠢ ᠶᠢᠨ ᠦᠵᠦᠮ ᠤᠨ ᠠᠷᠢᠬᠢᠨ ᠤ ᠦᠢᠯᠡᠰ᠂ ᠬᠤᠸᠠ ᠨᠧᠩ ᠭᠡᠷᠡᠯ ᠸᠣᠯᠲ ᠵᠡᠷᠭᠡ ᠠᠵᠤ ᠠᠬᠤᠶᠢᠯᠠᠯ ᠲᠠᠢ ᠬᠠᠮᠲᠤᠷᠠᠨ ᠦᠢᠯᠡᠳᠬᠦᠨ ᠤ ᠦᠵᠡᠭᠦᠯᠦᠯᠭᠡ ᠪᠠ ᠤᠬᠠᠭᠤᠯᠭ᠎ᠠ ᠬᠢᠵᠦ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠵᠢᠴᠢ ᠪᠠᠶᠠᠵᠢᠬᠤ ᠮᠡᠳᠡᠭᠡ ᠵᠠᠩᠭᠢ ᠶᠢ ᠨᠡᠶᠢᠲᠡᠯᠡᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠤᠣᠰ ᠴᠢᠭᠯᠡᠯ ᠤᠨ ᠰᠣᠯᠢᠯᠴᠠᠭ᠎ᠠ ᠳᠤ ᠬᠥᠭᠦᠷᠭᠡ ᠲᠠᠯᠪᠢᠵᠤ ᠥᠭᠴᠡᠢ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠠᠵᠢᠯᠯᠠᠭ᠎ᠠ ᠳᠤ ᠨᠡᠶᠢᠲᠡ 16 ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ 6 ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠲᠠᠪᠴᠠᠩ ᠭᠠᠷᠭᠠᠵᠤ᠂ 8 ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠵᠦ᠂ 12 ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠵᠦ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠨᠣᠮ ᠪᠢᠴᠢᠭ᠂ ᠬᠥᠳᠡᠭᠡ ᠲᠣᠰᠬᠤᠨ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ ᠤᠨ ᠮᠠᠲ᠋ᠧᠷᠢᠶᠠᠯ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠭᠤᠯᠬᠤ ᠤᠬᠠᠭᠤᠯᠭ᠎ᠠ ᠶᠢᠨ ᠭᠠᠷ ᠳᠡᠪᠲᠡᠷ ᠪᠠ ᠠᠵᠤ ᠠᠬᠤᠶᠢᠯᠠᠯ ᠤᠨ ᠤᠬᠠᠭᠤᠯᠭ᠎ᠠ ᠶᠢᠨ ᠬᠠᠭᠤᠳᠠᠰᠤ ᠶᠢ 1000 ᠭᠠᠷᠤᠶ ᠬᠤᠪᠢ ᠲᠠᠷᠬᠠᠭᠠᠵᠤ᠂ ᠮᠡᠷᠭᠡᠵᠢᠯ ᠤᠨ ᠪᠣᠯᠪᠠᠰᠤᠷᠠᠭᠤᠯᠤᠯ ᠪᠠ ᠯᠠᠪᠯᠠᠯᠭ᠎ᠠ ᠨᠢ 120 ᠬᠥᠮᠦᠨ ᠤᠳᠠᠭ᠎ᠠ ᠳᠤ ᠬᠦᠷᠴᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号