ᠬᠠᠷᠠᠴᠢᠨ ᠬᠤᠰᠢᠭᠤ ︽ᠰᠠᠭᠠᠳ ᠥᠬᠡᠶ ᠨᠡᠪᠲᠡᠷᠡᠬᠦ ᠵᠠᠮ︾ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠨᠢᠭᠤᠷᠲᠠᠨ ᠰᠢᠯᠭᠠᠬᠤ ᠠᠵᠢᠯ ᠢ ᠨᠠᠷᠢᠨ ᠬᠢᠨᠠᠮᠠᠭᠠᠶ ᠪᠡᠯᠡᠳᠬᠡᠪᠡ
ᠨᠡᠶᠢᠲᠡᠯᠡᠭᠰᠡᠨ ᠴᠠᠭ᠄
2023/3/25
ᠬᠠᠷᠠᠴᠢᠨ ᠬᠤᠰᠢᠭᠤ ︽ᠰᠠᠭᠠᠳ ᠥᠬᠡᠶ ᠨᠡᠪᠲᠡᠷᠡᠬᠦ ᠵᠠᠮ︾ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠨᠢᠭᠤᠷᠲᠠᠨ ᠰᠢᠯᠭᠠᠬᠤ ᠠᠵᠢᠯ ᠢ ᠨᠠᠷᠢᠨ ᠬᠢᠨᠠᠮᠠᠭᠠᠶ ᠪᠡᠯᠡᠳᠬᠡᠪᠡ     3 ᠰᠠᠷ᠎ᠠ ᠶᠢᠨ 24 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠬᠤᠩ ᠲᠦ᠋᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠤᠸᠠᠩ ᠸᠧᠨ ᠳ᠋ᠢ ᠨᠡᠷ ᠵᠢᠨᠱᠠᠨ ᠬᠤᠶᠠᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠨᠢᠭᠤᠷᠲᠠᠨ ᠰᠢᠯᠭᠠᠬᠤ ᠰᠢᠯᠭᠠᠯᠲᠠ ᠶᠢᠨ ᠲᠠᠯᠠᠪᠤᠷ ᠤᠨ ᠪᠡᠯᠡᠳᠬᠡᠯ ᠠᠵᠢᠯ ᠢ ᠬᠢᠨᠠᠨ ᠵᠢᠯᠣᠭᠤᠳᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠢᠭᠤᠷᠲᠠᠨ ᠰᠢᠯᠭᠠᠬᠤ ᠰᠢᠯᠭᠠᠯᠲᠠ ᠶᠢᠨ ᠲᠠᠯᠠᠪᠤᠷ᠂ ᠰᠢᠯᠭᠠᠯᠲᠠ ᠶᠢ ᠬᠦᠯᠢᠶᠡᠬᠦ ᠲᠠᠰᠤᠭ᠂ ᠰᠢᠯᠭᠠᠯᠲᠠ ᠶᠢᠨ ᠶᠠᠪᠤᠳᠠᠯ ᠤᠨ ᠲᠠᠰᠤᠭ ᠪᠠ ᠬᠢᠨᠠᠨ ᠡᠵᠡᠮᠳᠡᠬᠦ ᠲᠠᠰᠤᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠰᠢᠯᠭᠠᠯᠲᠠ ᠶᠢᠨ ᠶᠠᠪᠤᠳᠠᠯ ᠤᠨ ᠲᠣᠬᠢᠷᠠᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠢᠯᠭᠠᠯᠲᠠ ᠶᠢᠨ ᠶᠠᠪᠤᠳᠠᠯ ᠤᠨ ᠪᠡᠯᠡᠳᠬᠡᠯ ᠠᠵᠢᠯ ᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠡᠨᠡ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢᠭᠤᠷᠲᠠᠨ ᠰᠢᠯᠭᠠᠯᠲᠠ ᠨᠢ ᠨᠡᠶᠢᠭᠡᠮ ᠤᠨ ᠨᠥᠯᠥᠭᠡ ᠶᠡᠬᠡᠲᠡᠶ᠂ ᠣᠯᠠᠨ ᠲᠦᠮᠡᠨ ᠤ ᠠᠩᠬᠠᠷᠤᠯ ᠢ ᠶᠡᠬᠡᠳᠡ ᠲᠠᠲᠠᠵᠤ᠂ ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠤᠳ ᠬᠠᠮᠵᠢᠯᠴᠠᠨ ᠠᠵᠢᠯᠯᠠᠵᠤ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠲᠤᠬᠠᠶ ᠶᠢᠨ ᠲᠠᠯᠠᠪᠤᠷ ᠤᠨ ᠬᠠᠮᠢᠶᠠᠷᠤᠯᠲᠠ᠂ ᠠᠮᠤᠷ ᠲᠦᠪᠰᠢᠨ ᠤ ᠪᠠᠲᠤᠯᠠᠭ᠎ᠠ᠂ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠰᠠᠶᠢᠲᠤᠷ ᠠᠳᠬᠤᠵᠤ᠂ ᠰᠢᠯᠭᠠᠯᠲᠠ ᠶᠢᠨ ᠡᠷᠬᠡ ᠲᠡᠭᠰᠢ᠂ ᠲᠥᠪ ᠭᠤᠤᠯᠴᠢ᠂ ᠠᠮᠤᠷ ᠲᠦᠪᠰᠢᠨ᠂ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠰᠢᠯᠭᠠᠭᠤᠯᠤᠭᠴᠢ ᠶᠢ ᠦᠨᠡᠨ ᠬᠦ ᠰᠠᠨᠠᠭ᠎ᠠ ᠠᠮᠤᠷ ᠪᠠᠶᠢᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ᠃     3 ᠰᠠᠷ᠎ᠠ ᠶᠢᠨ 24 ᠤ ᠦᠳᠡ ᠶᠢᠨ ᠬᠤᠶᠢᠨ᠎ᠠ᠂ ᠬᠤᠰᠢᠭᠤᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠰᠠ ᠰᠢᠯᠭᠠᠯᠲᠠ ᠬᠢᠨᠠᠭᠴᠢ᠂ ᠰᠢᠯᠭᠠᠯᠲᠠ ᠶᠢᠨ ᠶᠠᠪᠤᠳᠠᠯ ᠤᠨ ᠠᠵᠢᠯᠲᠠᠨ ᠳᠤ ᠠᠵᠢᠯᠯᠠᠬᠤ ᠶᠠᠪᠤᠴᠠ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠲᠠᠯ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠪᠣᠯᠪᠠᠰᠤᠷᠠᠯ ᠬᠦᠷᠲᠡᠭᠡᠬᠦ ᠶᠢᠨ ᠬᠠᠮᠲᠤ ᠰᠢᠪᠠᠭ᠎ᠠ ᠰᠤᠭᠤᠯᠬᠤ ᠬᠡᠯᠪᠡᠷᠢ ᠪᠠᠷ ᠠᠵᠢᠯᠲᠠᠨ ᠬᠤᠪᠢᠶᠠᠷᠢᠯᠠᠵᠤ᠂ ᠲᠣᠰ ᠤᠳᠠᠭᠠᠨ ᠤ ᠰᠢᠯᠭᠠᠨ ᠡᠯᠰᠡᠬᠦ ᠠᠵᠢᠯ ᠤᠨ ᠢᠯᠡ ᠲᠤᠳᠤ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠪᠠᠲᠤᠯᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号