ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠦ᠋ ᠨᠠᠷ ᠬᠠᠷᠠᠴᠢᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/3/28
     3 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠦᠸᠧ ᡁᠢ ᠬᠦ᠋ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠬᠠᠷᠠᠴᠢᠨ ᠬᠤᠰᠢᠭᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠨᠡᠶᠢᠭᠡᠮ ᠪᠠ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ ᠸᠠᠩ ᠷᠦᠢ ᠹᠧᠩ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠬᠢᠨ ᠤ ᠬᠤᠯᠪᠣᠭᠠᠲᠤ ᠬᠤᠷᠠᠯ ᠤᠨ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠬᠤᠢ ᠭᠤᠸᠠᠩ᠂ ᠥᠪᠡᠷᠲᠡᠭᠡᠨ ᠵᠠᠰᠠᠬᠤ ᠣᠷᠣᠨ ᠤ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠪᠠ ᠬᠤᠰᠢᠭᠤᠨ ᠲᠠᠰ ᠤᠨ ᠬᠠᠮᠢᠶ᠎ᠠ ᠪᠥᠬᠦᠶ ᠤᠳᠤᠷᠢᠳᠤᠯᠭ᠎ᠠ ᠪᠠᠷ᠎ᠠ ᠪᠣᠯᠪᠠ᠃     ᠯᠦᠸᠧ ᡁᠢ ᠬᠦ᠋ ᠨᠠᠷ ᠤᠷᠢᠳ ᠬᠤᠵᠢᠳ ᠤᠯᠠᠭᠠᠨᠬᠠᠳᠠ ᠶᠢᠨ ᠰᠢᠨ᠎ᠡᠮᠠᠲᠸᠷᠢᠶᠠᠯ  ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠲᠠᠳ ᠡᠮ ᠤᠨ ᠮᠠᠲᠸᠷᠢᠶᠠᠯ ︵ᠮᠣᠩᠭᠤᠯ ᠡᠮ ᠤᠨᠮᠠᠲᠸᠷᠢᠶᠠᠯ ︶ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠢᠦᠢ ᠯᠦᠩ ᠴᠤᠸᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠮᠠ ᠠᠨ ᠱᠠᠨ ᠤ ᠰᠣᠶᠣᠯ ᠵᠤᠭᠠᠴᠠᠯ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠭ ᠲᠤ ᠭᠦᠨᠵᠡᠭᠡᠶᠢᠷᠡᠪᠡ᠃ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠾᠧᠪᠸᠢ ᠵᠡᠭᠡᠯᠢ ᠭᠤᠳᠤᠮᠵᠢ ᠶᠢᠨ ᠰᠢᠶᠠᠩ ᠶᠠᠩ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠳᠠᠯ ᠢ ᠪᠣᠳᠠᠲᠠᠢ ᠭᠠᠵᠠᠷ ᠲᠤᠨᠢ ᠪᠠᠶᠢᠴᠠᠭᠠᠨ ᠰᠤᠳᠤᠯᠪᠠ᠃ᠵᠠᠯᠭᠠᠭᠠᠳ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠵᠤ ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠠᠵᠢᠯ ᠢ ᠭᠦᠢᠴᠡᠳ ᠨᠤᠲᠠᠯᠠᠵᠤ᠂ ᠢᠯᠠᠩᠭᠤᠶ᠎ᠠ ᠬᠠᠷᠠᠴᠢᠨ ᠰᠢᠪᠡᠭᠡ ᠭᠤᠤᠯ ᠤᠨ ᠰᠠᠪᠠ ᠭᠠᠵᠠᠷ ᠤᠨ ᠵᠠᠭᠤᠨ ᠺᠢᠯᠣᠮᠧᠲᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠷᠢᠶᠠᠯᠠᠩ ᠰᠣᠶᠣᠯ ᠤᠨ ᠵᠢᠭᠤᠯᠴᠢᠯᠠᠯ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠥᠨᠳᠥᠷ ᠦᠨᠡᠯᠡᠵᠡᠶ᠃     ᠯᠦᠸᠧ ᡁᠢ ᠬᠦ᠋ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤ ᠨᠢ ᠲᠡᠭᠦᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠷᠢᠯᠴᠠᠬᠤ ᠴᠡᠭ ᠪᠣᠯᠤᠭᠰᠠᠨ ᠤ ᠬᠤᠪᠢ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠳᠤᠪᠤᠶᠢᠮ᠎ᠠ ᠦᠷ᠎ᠡ ᠪᠦᠲᠦᠮᠵᠢ ᠲᠠᠢ ᠠᠵᠢᠯ ᠬᠢᠵᠦ᠂ ᠮᠡᠳᠡᠭᠳᠡᠮ᠎ᠡ ᠦᠷ᠎ᠡ ᠪᠦᠲᠦᠮᠵᠢ ᠪᠠ ᠪᠠᠶᠠᠷᠯᠠᠭᠤᠰᠢᠲᠠᠢ ᠦᠷ᠎ᠡ ᠪᠦᠲᠦᠭᠡᠯ ᠣᠯᠵᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠰᠢ ᠡᠮᠬᠢ ᠵᠢᠷᠤᠮ ᠲᠠᠢ ᠰᠢᠯᠵᠢᠭᠦᠯᠬᠦ ᠪᠠ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠪᠡᠶᠡᠯᠡᠭᠦᠯᠪᠡ︔ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ᠂ ᠠᠷᠭ᠎ᠠ ᠬᠡᠮᠵᠢᠶ᠎ᠡ ᠨᠢ ᠰᠢᠨ᠎ᠡ ᠶᠢ ᠡᠭᠦᠳᠦᠭᠰᠡᠨ ᠪᠥᠭᠡᠳ ᠬᠢᠯᠠᠰ ᠴᠡᠭ ᠲᠠᠢ ᠪᠠᠶᠢᠵᠤ᠂ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠤᠭᠰᠠᠨ ᠪᠣᠯᠬᠤᠷ ᠯᠠᠪᠯᠠᠯᠲᠠ ᠪᠣᠯᠭᠠᠵᠤ ᠳᠡᠯᠭᠡᠷᠡᠭᠦᠯᠦᠭᠦᠰᠢᠲᠡᠶ ᠭᠡᠵᠠᠢ      ᠯᠦᠸᠧ ᡁᠢ ᠬᠦ᠋ ᠴᠢᠬᠤᠯᠠᠴᠢᠯᠠᠬᠤ ᠳᠠᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲᠸᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠵᠤᠭᠠᠴᠠᠯ᠂ ᠲᠦᠬᠦᠭᠡᠷᠦᠮᠵᠢᠲᠦ ᠲᠠᠷᠢᠶᠠᠯᠠᠩ᠂ ᠤᠢ ᠶᠢᠨ ᠬᠤᠷᠮᠣᠢ ᠶᠢᠨ ᠠᠵᠤ ᠠᠬᠤᠢ᠂ ᠮᠢᠬᠠᠨ ᠨᠤᠭᠤᠰᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠤᠨᠴᠠᠯᠢᠬᠳᠤ ᠭᠤᠣᠯᠯᠠᠭᠴᠢ ᠠᠵᠤ ᠦᠢᠯᠡᠰ ᠢ ᠦᠷᠭᠦᠯᠵᠢᠯᠡᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠥᠷᠭᠡᠨ ᠬᠦᠷᠢᠶᠡᠨ ᠤ ᠬᠠᠮᠵᠢᠯᠴᠠᠭᠠᠨ ᠤ ᠰᠢᠰᠲ᠋ᠧᠮ ᠢ ᠴᠢᠷᠮᠠᠶᠢᠨ ᠪᠠᠶᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠦᠸᠧ ᡁᠢ ᠬᠦ᠋ ᠨᠠᠷ ᠪᠠᠰᠠ ᠸᠠᠩ ᠶᠧ ᠹᠦ᠋ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠡᠷᠬᠢᠨ ᠦᠵᠡᠵᠦ᠂ ᠬᠠᠷᠠᠴᠢᠨ ᠰᠣᠶᠣᠯ ᠲᠡᠦᠬᠡ ᠶᠢᠨ ᠣᠷᠳᠣᠨ ᠢ ᠲᠣᠭᠤᠷᠢᠨ ᠦᠵᠡᠪᠡ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号