ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠼᠦᠢ ᠬᠠᠶ ᠫᠢᠩ ᠨᠡᠷ ᠮᠠᠨ ᠤ ᠬᠤᠰᠢᠭᠤᠨ ᠳᠤ ᠬᠦᠷᠴᠦ ᠬᠢᠨᠠᠨ ᠵᠢᠯᠣᠭᠤᠳᠴᠤ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2023/3/29
ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠼᠦᠢ ᠬᠠᠶ ᠫᠢᠩ ᠨᠡᠷ ᠮᠠᠨ ᠤ ᠬᠤᠰᠢᠭᠤᠨ ᠳᠤ ᠬᠦᠷᠴᠦ ᠬᠢᠨᠠᠨ ᠵᠢᠯᠣᠭᠤᠳᠴᠤ ᠠᠵᠢᠯ ᠪᠠᠶᠢᠴᠠᠭᠠᠪᠠ     ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠭᠠᠵᠠᠷ᠂ ᠬᠢᠯᠢ ᠬᠢᠵᠠᠭᠠᠷ ᠣᠷᠣᠨ ᠵᠢᠴᠢ ᠬᠥᠭᠵᠢᠭᠡᠳᠦᠶ ᠭᠠᠵᠠᠷ ᠣᠷᠣᠨ ᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠬᠢᠨᠠᠨ ᠬᠡᠮᠵᠢᠬᠦ ᠪᠠ ᠬᠥᠭᠵᠢᠭᠦᠯᠦᠯᠲᠡ ᠶᠢᠨ ᠲᠥᠪ ᠤᠨ ᠡᠷᠬᠢᠯᠡᠭᠴᠢ ᠼᠦᠢ ᠬᠠᠶ ᠫᠢᠩ ᠨᠡᠷ ᠬᠤᠰᠢᠭᠤᠨ ᠬᠠᠮ ᠵᠠᠭᠤᠴᠢᠯᠠᠭᠤᠷ ᠤᠨ ᠲᠥᠪ ᠲᠤ ᠬᠦᠷᠴᠦ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᠴᠢᠶᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠪᠠᠷ᠎ᠠ ᠪᠣᠯᠪᠠ᠃     ᠼᠦᠢ ᠬᠠᠶ ᠫᠢᠩ ᠨᠡᠷ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠭᠠᠵᠠᠷ᠂ ᠬᠢᠯᠢ ᠬᠢᠵᠠᠭᠠᠷ ᠣᠷᠣᠨ ᠵᠢᠴᠢ ᠬᠥᠭᠵᠢᠭᠡᠳᠦᠶ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠤᠷᠤᠭᠰᠠᠨ ᠴᠢᠷᠮᠠᠶᠢᠯᠭ᠎ᠠ ᠶᠢ ᠭᠦᠢᠴᠡᠳ ᠨᠤᠲᠠᠯᠠᠪᠠ ᠃     ᠼᠦᠢ ᠬᠠᠢ ᠫᠢᠩ ᠵᠢᠭᠠᠵᠤ ᠭᠠᠷᠭᠠᠭᠰᠠᠨ ᠨᠢ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠡᠮᠦᠨ᠎ᠡ ᠨᠢ ᠵᠢᠯᠣᠭᠤᠳᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲᠧᠮ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠢ ᠳᠤᠨᠢ ᠥᠨᠳᠥᠷ ᠶᠠᠰᠤ ᠴᠢᠨᠠᠷᠲᠠᠢ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠤᠷᠢᠳᠴᠢᠯᠠᠨ ᠪᠡᠯᠡᠳᠬᠡᠵᠦ᠂ ᠤᠷᠢᠳᠴᠢᠯᠠᠨ ᠲᠥᠯᠥᠪᠵᠢᠭᠦᠯᠵᠦ᠂ ᠰᠡᠭᠦᠯᠴᠢ ᠶᠢᠨ ᠬᠤᠭᠤᠴᠠᠭᠠᠨ ᠤ ᠰᠡᠯᠪᠢᠨ ᠵᠠᠰᠠᠵᠤ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠢᠯ ᠤᠨ ᠦᠷ᠎ᠡ ᠪᠦᠲᠦᠮᠵᠢ ᠶᠢ ᠯᠠᠪᠳᠠᠭᠤᠨ ᠪᠠᠲᠤᠯᠠᠬᠤ ᠬᠡᠷᠡᠭᠲᠡᠢ᠃     ᠳ᠋ᠦᠩ ᠯᠸᠢ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠥᠨᠳᠥᠷ ᠪᠠᠶᠢᠷᠢᠨ ᠳᠤ ᠠᠬᠢᠭᠤᠯᠤᠨ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠰᠢᠪᠠᠳᠠᠨ ᠪᠠᠶᠢᠴᠠᠭᠠᠵᠤ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠪᠠᠶᠢᠭᠤᠯᠤᠯᠲᠠ ᠶᠢᠨ ᠠᠵᠢᠯ ᠢ 5 ᠰᠠᠷ᠎ᠠ ᠶᠢᠨ ᠰᠡᠭᠦᠯᠴᠢ ᠠᠴᠠ ᠡᠮᠦᠨ᠎ᠡ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号