ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠲᠥᠭᠡᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/31
     3 ᠰᠠᠷ᠎ᠠ ᠶᠢᠨ 31 ᠤ ᠡᠳᠦᠷ᠂ ᠪᠦᠭᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠠᠨ ᠸᠧᠶ ᠼᠠᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠷᠧᠨ ᠯᠢᠨ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ  ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ ᠬᠤᠷᠠᠯ ᠡᠷᠭᠢᠯᠡᠪᠡ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠠᠶᠢᠭᠤᠯᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠶ᠂ ᠹᠠᠩ ᠷᠦᠢ ᠴᠢᠬᠤᠯᠠᠴᠢᠯᠠᠬᠤ ᠳᠠᠭᠠᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠲᠦᠭᠡᠨ ᠪᠠᠶᠢᠭᠤᠯᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠪᠣᠯᠤᠨ ᠶᠡᠷᠦᠩᠬᠡᠶ ᠱᠠᠭᠠᠷᠳᠠᠯᠭ᠎ᠠ ᠶᠢ ᠵᠥᠪ ᠣᠨᠣᠪᠴᠢᠲᠠᠶ ᠲᠠᠨᠢᠵᠤ᠂ ᠪᠥᠬᠦ ᠬᠤᠰᠢᠭᠤᠨ ᠤ ᠶᠡᠷᠦᠩᠬᠡᠶ ᠪᠠᠶᠢᠳᠠᠯ ᠤᠨ ᠬᠥᠭᠵᠢᠯᠲᠡ ᠰᠠᠶᠢᠨ᠂ ᠦᠨᠳᠦᠰᠦᠲᠡᠨ ᠤ ᠠᠵᠢᠯ ᠲᠣᠭᠲᠠᠭᠤᠨ ᠪᠠᠶᠢᠬᠤ ᠵᠡᠷᠭᠡ ᠤᠷᠢᠲᠠᠯ ᠳᠣᠤᠷ᠎ᠠ᠂ ᠦᠨᠳᠦᠰᠦᠲᠡᠨ ᠤ ᠠᠵᠢᠯ ᠤᠨ ᠤᠳᠤᠷᠢᠳᠤᠯᠭ᠎ᠠ ᠪᠠᠭᠤᠷᠠᠶ᠂ ᠣᠨᠣᠯ ᠢᠶᠠᠷ ᠵᠡᠪᠰᠡᠭᠯᠡᠬᠦ ᠲᠠᠯ᠎ᠠ ᠪᠠᠷ ᠬᠦᠷᠦᠯᠴᠡᠬᠦ ᠥᠬᠡᠶ ᠵᠡᠷᠭᠡ ᠠᠰᠠᠭᠤᠳᠠᠯ ᠢ ᠲᠦᠷᠭᠡᠨ ᠰᠢᠢᠳᠪᠦᠷᠢᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ ᠥᠷᠨᠢᠭᠦᠯᠦᠨ᠎ᠡ᠃     ᠹᠠᠩ ᠷᠦᠢ ᠵᠢᠭᠠᠵᠤ ᠭᠠᠷᠭᠠᠭᠰᠠᠨ ᠨᠢ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠪᠦᠭᠡᠳ ᠪᠣᠳᠠᠲᠠᠶ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠡᠯ᠎ᠡ ᠦᠨᠳᠦᠰᠦᠲᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠦᠨᠳᠦᠰᠦᠲᠡᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠦᠨᠳᠦᠰᠦᠲᠡᠨ ᠤ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ᠂ ᠢᠮᠠᠭᠲᠠ ᠪᠦᠯᠬᠦᠮᠳᠡᠯ ᠲᠠᠢ ᠡᠶ᠎ᠡ ᠨᠠᠶᠢᠷᠲᠠᠢ ᠰᠠᠶᠢᠨ ᠰᠠᠶᠢᠬᠠᠨ ᠪᠠᠶᠢᠳᠠᠯ ᠢ ᠪᠠᠲᠤᠯᠠᠬᠤ ᠬᠡᠷᠡᠭᠲᠡᠢ ᠭᠡᠵᠠᠢ ᠃     ᠹᠠᠩ ᠷᠦᠢ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠨ᠂ ᠠᠵᠢᠯ ᠤᠨ ᠬᠠᠮᠲᠤᠷᠤᠯ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠤ ᠠᠵᠢᠯ ᠢ ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ ᠂ ᠤᠬᠠᠭᠤᠯᠬᠤ ᠠᠷᠭ᠎ᠠ ᠪᠠᠷᠢᠯ ᠢ ᠪᠥᠬᠦ ᠲᠠᠯ᠎ᠠ ᠪᠠᠷ ᠬᠡᠷᠡᠭᠯᠡᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠦᠨᠳᠦᠰᠦᠲᠡᠨ ᠤ ᠲᠥᠷᠥ ᠶᠢᠨ ᠪᠤᠳᠤᠯᠭ᠎ᠠ ᠶᠢ ᠤᠯᠠᠨ ᠬᠠᠷᠠᠭᠠᠰᠤ᠂ ᠤᠯᠠᠨ ᠲᠡᠰ ᠳᠠᠪᠬᠤᠷᠭ᠎ᠠ᠂ ᠪᠥᠬᠦ ᠲᠠᠯ᠎ᠠ ᠪᠠᠷ ᠰᠠᠶᠢᠲᠤᠷ ᠤᠬᠠᠭᠤᠯᠵᠤ᠂ ᠰᠠᠶᠢᠲᠤᠷ ᠲᠠᠶᠢᠯᠪᠤᠷᠢᠯᠠᠨ᠎ᠠ᠃ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠣᠶᠢᠯᠠᠭᠠᠬᠤ ᠬᠥᠮᠦᠨ ᠲᠠᠢ᠂ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠦᠨ ᠲᠠᠢ ᠪᠠᠶᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠪᠠᠷ ᠴᠢᠷᠮᠠᠢᠬᠤ ᠬᠡᠷᠡᠭᠲᠡᠢ ᠭᠡᠵᠠᠢ ᠃     ᠬᠤᠷᠠᠯ ᠠᠴᠠ ᠳᠡᠭᠡᠷ᠎ᠡ ᠭᠤᠷᠪᠠᠨ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ︵ᠠᠵᠤ ᠦᠢᠯᠡᠳᠪᠦᠷᠢ ︶ ᠶᠢᠨ ᠬᠤᠷᠢᠶ᠎ᠠ ᠶᠢᠨ ᠱᠦᠵᠢ᠂ ᠨᠢᠭᠡᠳᠦᠮᠡᠯ ᠹᠷᠣᠨᠲ ᠤᠨ ᠭᠡᠰᠢᠭᠦᠨ ᠪᠤᠶᠤ ᠦᠨᠳᠦᠰᠦᠲᠡᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠦᠨ ᠪᠥᠬᠦ ᠺᠠᠳ᠋ᠷ ᠬᠤᠷᠠᠯ ᠳᠤ ᠣᠷᠣᠯᠴᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号