ᠮᠠᠨ ᠤ ᠬᠤᠰᠢᠭᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠵᠢᠷᠤᠮᠵᠢᠭᠤᠯᠤᠨ ᠡᠵᠡᠩᠨᠡᠬᠦ ᠱᠠᠲᠤᠨ ᠳᠤ ᠣᠷᠣᠭᠤᠯᠪᠠ
ᠨᠡᠶᠢᠲᠡᠯᠡᠭᠰᠡᠨ ᠴᠠᠭ᠄
2023/3/5
     ᠣᠶᠢᠷ᠎ᠠ ᠳᠤ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠪᠣᠯᠤᠨ ᠸᠠᠩ ᠶᠧ ᠹᠦ᠋ ᠪᠠᠯᠭᠠᠰᠤ᠂ ᠨᠠᠷᠢᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠲᠤᠷᠠᠨ ᠵᠣᠬᠢᠶᠠᠨ ᠪᠠᠶᠢᠭᠤᠯᠤᠭᠰᠠᠨ ᠸᠠᠩ ᠶᠧ ᠹᠦ᠋ ᠬᠠᠩᠭᠠᠨ ᠪᠣᠷᠣᠯᠠᠭᠤᠯᠬᠤ ᠬᠤᠷᠰᠢᠶ᠎ᠠ᠂ ᠨᠠᠢ ᠯᠢᠨ ᠬᠠᠩᠭᠠᠨ ᠪᠣᠷᠣᠯᠠᠭᠤᠯᠬᠤ ᠬᠤᠷᠰᠢᠶᠠᠨ ᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠶᠢ ᠳᠠᠭᠠᠯᠳᠤᠨ᠂ ᠮᠠᠨ ᠤ ᠬᠤᠰᠢᠭᠤᠨ ᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠵᠢᠷᠦᠮᠵᠢᠭᠤᠯᠤᠨ ᠡᠵᠡᠩᠨᠡᠬᠦ ᠰᠢᠨ᠎ᠡ ᠱᠠᠲᠤᠨ ᠳᠤ ᠣᠷᠣᠪᠠ᠃     ᠣᠶᠢᠯᠠᠭᠠᠭᠰᠠᠨ ᠢᠶᠠᠷ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯ ᠲᠠᠷᠢᠶᠠᠴᠢᠨ ᠢᠶᠠᠷ ᠭᠤᠤᠯ ᠴᠣᠭᠴᠠ ᠪᠣᠯᠭᠠᠭᠰᠠᠨ᠂ ᠦᠢᠯᠡᠳᠪᠦᠷᠢᠯᠡᠬᠦ ᠂ ᠬᠠᠩᠭᠠᠨ ᠪᠣᠷᠣᠯᠠᠭᠤᠯᠬᠤ᠂ ᠢᠲᠡᠭᠡᠮᠵᠢ ᠵᠡᠷᠭᠡ ᠭᠤᠷᠪᠠᠨ ᠵᠦᠢᠯ ᠤᠨ ᠬᠠᠮᠲᠤᠷᠠᠯᠴᠠᠭ᠎ᠠ ᠪᠠᠷ ᠠᠭᠤᠯᠭ᠎ᠠ ᠪᠣᠯᠭᠠᠭᠰᠠᠨ ᠰᠢᠨ᠎ᠡ ᠮᠠᠶ᠋ᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠮᠥᠨ᠂ ᠦᠢᠯᠡᠳᠪᠦᠷᠢᠯᠡᠬᠦ ᠂ ᠬᠠᠩᠭᠠᠨ ᠪᠣᠷᠣᠯᠠᠭᠤᠯᠬᠤ᠂ ᠢᠲᠡᠭᠡᠮᠵᠢ ᠵᠡᠷᠭᠡ ᠭᠤᠷᠪᠠᠨ ᠵᠦᠢᠯ ᠤᠨ ᠬᠠᠮᠲᠤᠷᠠᠯᠴᠠᠭ᠎ᠠ ᠶᠢ ᠣᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠤᠨ᠂ ᠨᠢᠭᠡᠳᠦᠯᠲᠡᠶ ᠡᠵᠡᠩᠨᠡᠬᠦ ᠪᠠ ᠲᠠᠷᠠᠬᠠᠶ ᠡᠵᠡᠩᠨᠡᠬᠦ ᠶᠢ ᠤᠶᠠᠯᠳᠤᠭᠤᠯᠬᠤ ᠳᠠᠪᠬᠤᠷ ᠡᠵᠡᠩᠨᠡᠯᠲᠡ ᠶᠢᠨ ᠪᠠᠶᠢᠭᠤᠯᠤᠯ ᠳᠠᠬᠢ ︽ᠨᠢᠭᠡᠳᠦᠯᠲᠡᠶ ᠡᠵᠡᠩᠨᠡᠬᠦ︾ ᠠᠭᠤᠯᠤᠭᠳᠠᠬᠤᠨ ᠢ ᠪᠠᠶᠠᠯᠢᠭᠵᠢᠭᠤᠯᠵᠤ᠂ ᠲᠠᠷᠢᠶᠠᠴᠢᠳ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠨᠠᠩ ᠰᠠᠶᠢᠨ ᠳᠡᠭᠡᠭᠰᠢᠯᠡᠭᠦᠯᠬᠦ ᠬᠡᠷᠡᠭᠲᠡᠶ᠃     ᠣᠶᠢᠯᠠᠭᠠᠭᠰᠠᠨ ᠢᠶᠠᠷ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ᠳᠠᠭᠠᠭᠤᠯᠤᠨ ᠡᠷᠭᠢᠯᠡᠭᠰᠡᠨ ᠮᠠᠨ ᠤ ᠬᠤᠰᠢᠭᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠨᠠᠩ ᠰᠠᠶᠢᠨ ᠦᠢᠯᠡᠴᠢᠯᠡᠵᠦ ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠪᠣᠯᠤᠨ᠎ᠠ᠃     ᠣᠳᠣᠬᠠᠨ ᠳᠤ᠂ ᠲᠤᠷᠰᠢᠯᠲᠠ ᠳᠤ ᠣᠷᠣᠯᠴᠠᠭᠰᠠᠨ ᠡᠯ᠎ᠡ ᠲᠣᠰᠬᠤᠨ ᠤ ᠬᠢᠨ ᠢᠳᠡᠪᠬᠢᠲᠡᠢ ᠬᠠᠮᠵᠢᠯᠴᠠᠵᠤ᠂ ᠬᠠᠮᠵᠢᠯᠴᠠᠭ᠎ᠠ ᠪᠠᠨ ᠴᠢᠩᠭᠠᠳᠬᠠᠵᠤ ᠪᠠᠶᠢᠨ᠎ᠠ᠂ ᠳᠠᠷᠠᠭᠠᠴᠢ ᠶᠢᠨ ᠠᠯᠬᠤᠮ ᠳᠤ ᠲᠣᠰᠬᠤᠨ ᠤ ᠳᠡᠰ ᠤᠨ ︽ᠭᠤᠷᠪᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠦᠷᠳᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠦᠢ ᠵᠣᠬᠢᠰᠲᠠᠢ ᠠᠰᠢᠭ ᠲᠤᠰᠠ ᠶᠢᠨ ᠬᠤᠪᠢᠶᠠᠷᠢᠯᠠᠯᠲᠠ ᠪᠠᠷ ᠳᠠᠮᠵᠢᠨ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠶᠠᠪᠤᠴᠠ ᠳᠤ ᠤᠯᠠᠨ ᠲᠦᠮᠡᠨ ᠳᠤ ᠦᠨᠡᠨᠬᠦ ᠪᠣᠳᠠᠲᠤ ᠠᠰᠢᠭ ᠬᠦᠷᠲᠡᠭᠡᠬᠦ ᠪᠣᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号