ᠵᠣᠣ ᠳ᠋ᠠ ᠶᠦᠩ ᠮᠠᠨ ᠤ ᠬᠤᠰᠢᠭᠤᠨ ᠳᠤ ᠬᠦᠷᠴᠦ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠶᠢ ᠲᠤᠰᠬᠠᠶ ᠴᠡᠭᠴᠡᠯᠡᠨ ᠵᠠᠰᠠᠬᠤ ᠲᠤᠷᠰᠢᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/7
     ᠵᠣᠣ ᠳ᠋ᠠ ᠶᠦᠩ ᠮᠠᠨ ᠤ ᠬᠤᠰᠢᠭᠤᠨ ᠳᠤ ᠬᠦᠷᠴᠦ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠶᠢ ᠲᠤᠰᠬᠠᠶ ᠴᠡᠭᠴᠡᠯᠡᠨ ᠵᠠᠰᠠᠬᠤ ᠲᠤᠷᠰᠢᠯᠲᠠ ᠶᠢᠨ ᠠᠵᠢᠯ ᠢ ᠪᠠᠶᠢᠴᠠᠭᠠᠨ ᠰᠤᠳᠤᠯᠪᠠ     ᠵᠣᠣ ᠳ᠋ᠠ ᠶᠦᠩ ᠨᠡᠷ ᠤᠷᠢᠳ ᠬᠤᠵᠢᠳ ᠨᠢᠦ ᠵᠢᠶᠠ ᠢᠩᠽᠢ ᠪᠠᠯᠭᠠᠰᠤ᠂ ᠵᠢᠨᠱᠠᠨ ᠪᠠᠯᠭᠠᠰᠤ᠂ ᠾᠧᠨᠠᠨ ᠵᠡᠭᠡᠯᠢ ᠭᠤᠳᠤᠮᠵᠢ ᠪᠠ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠭᠦᠨᠵᠡᠭᠡᠶᠢᠷᠡᠵᠦ᠂ ᠲᠤᠷᠰᠢᠯᠲᠠ ᠶᠢᠨ ᠴᠡᠭ ᠦᠨ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃     ᠰᠠᠭᠤᠳᠠᠯ ᠤᠨ ᠬᠤᠷᠠᠯ ᠳᠡᠭᠡᠷ᠎ᠡ᠂ ᠮᠠᠨ ᠤ ᠬᠤᠰᠢᠭᠤᠨ ᠤ ᠲᠠᠷᠢᠶᠠᠨ  ᠳᠤᠷ᠎ᠠ ᠪᠠᠷ ᠭᠠᠵᠠᠷ ᠡᠵᠡᠯᠡᠬᠦ ᠶᠢ ᠲᠤᠬᠠᠶ ᠶᠢᠨ ᠴᠠᠭ ᠲᠤᠨᠢ ᠬᠢᠨᠠᠨ ᠬᠠᠮᠢᠶᠠᠷᠬᠤ ᠰᠢᠰᠲ᠋ᠧᠮ ᠤᠨ PPT ᠶᠢ ᠲᠣᠭᠤᠷᠢᠨ ᠦᠵᠡᠪᠡ᠃ ᠰᠢᠪᠠᠳᠠᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠲᠤᠰᠬᠠᠶ ᠴᠡᠭᠴᠡᠯᠡᠨ ᠵᠠᠰᠠᠬᠤ ᠲᠤᠷᠰᠢᠯᠲᠠ ᠶᠢᠨ ᠠᠵᠢᠯ ᠤᠨ ᠡᠮᠦᠨᠡᠬᠢ ᠬᠤᠭᠤᠴᠠᠭᠠᠨ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠮᠠᠨ ᠤ ᠬᠤᠰᠢᠭᠤᠨ ᠤ ᠬᠢᠨ ᠡᠷᠴᠢ ᠵᠣᠷᠢᠭ ᠢᠶᠠᠨ ᠪᠠᠷᠢᠮᠲᠠᠯᠠᠨ᠂ ᠦᠷᠭᠦᠯᠵᠢᠯᠡᠨ ᠬᠦᠴᠦᠯᠡᠵᠦ᠂ ᠲᠤᠷᠰᠢᠯᠲᠠ ᠶᠢᠨ ᠴᠡᠭ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠲᠤᠷᠰᠢᠯᠲᠠ ᠶᠢᠨ ᠴᠡᠭ ᠦᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ᠃     ᠰᠢᠪᠠᠳᠠᠨ ᠵᠢᠯᠣᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢ ᠪᠠᠷᠢᠮᠲᠠᠯᠠᠨ᠂ ᠲᠤᠷᠰᠢᠯᠲᠠ ᠶᠢᠨ ᠴᠡᠭ ᠦᠨ ᠠᠵᠢᠯ ᠤᠨ ᠡᠭᠦᠷᠭᠡ ᠶᠢ ᠰᠠᠢᠲᠤᠷ ᠪᠡᠶᠡᠯᠡᠭᠦᠯᠬᠦ ᠬᠡᠷᠡᠭᠲᠡᠶ︔ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠴᠡᠭᠴᠡᠯᠡᠨ ᠵᠠᠰᠠᠬᠤ ᠶᠠᠪᠤᠴᠠ ᠳᠤ ᠰᠠᠶᠢᠨ ᠲᠤᠷᠰᠢᠯᠭ᠎ᠠ ᠠᠷᠭ᠎ᠠ ᠬᠢᠳᠡᠯ ᠢ ᠲᠠᠰᠤᠷᠠᠯᠲᠠ ᠦᠭᠡᠢ ᠳ᠋ᠦᠩᠨᠡᠵᠦ᠂ ᠬᠡᠷᠡᠭᠵᠢᠭᠦᠯᠵᠦ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠦᠷᠢᠯᠳᠦᠭᠦᠯᠬᠦ ᠬᠡᠷᠡᠭᠲᠡᠢ︔ ᠲᠤᠰᠬᠠᠶ ᠴᠡᠭᠴᠡᠯᠡᠨ ᠵᠠᠰᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠷᠢᠬᠤ ᠠᠵᠢᠯᠯᠠᠭ᠎ᠠ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠡᠷᠲᠡ ᠢᠯᠡᠷᠡᠭᠦᠯᠵᠦ᠂ ᠡᠷᠲᠡ ᠬᠤᠷᠢᠭᠯᠠᠨ ᠵᠣᠭᠰᠣᠭᠠᠵᠤ᠂ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠭᠠᠷᠭᠠᠬᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠰᠢᠪᠠᠳᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠨᠢ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ᠂ ᠮᠡᠳᠡᠭᠦᠯᠦᠨ ᠵᠥᠪᠰᠢᠶᠡᠷᠡᠭᠦᠯᠬᠦ ᠬᠠᠮᠲᠤᠷᠠᠨ ᠬᠢᠨᠠᠬᠤ ᠰᠢᠰᠲ᠋ᠧᠮ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠥᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠯᠲᠠ ᠲᠠᠯᠪᠢᠯᠲᠠ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠰᠢᠶᠠᠩ ᠪᠠᠯᠭᠠᠰᠤ᠂ ᠭᠠᠴᠠᠭ᠎ᠠ ᠳᠤᠭᠤᠶᠢᠯᠠᠩ ᠤᠨ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠬᠤᠷᠢᠭᠯᠠᠵᠤ᠂ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠴᠡᠭᠴᠡᠯᠡᠵᠦ ᠭᠡᠷ ᠪᠠᠷᠢᠬᠤ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠬᠢᠵᠠᠭᠠᠷᠯᠠᠬᠤ ᠬᠡᠷᠡᠭᠲᠡᠢ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号