ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/8
     3 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠭᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠵᠢᠴᠢ ᠬᠠᠮᠢᠶ᠎ᠠ ᠪᠥᠬᠦᠶ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠪᠦᠭᠦ ᠬᠤᠰᠢᠭᠤᠨ ᠤ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠰᠠᠨᠠᠭᠤᠯᠭ᠎ᠠ ᠶᠢ ᠰᠣᠨᠣᠰᠴᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠨᠢᠭᠡ ᠳᠤ ᠨᠢᠭᠡ︾ ᠪᠣᠯᠪᠠᠰᠤᠷᠠᠯ ᠤᠨ ᠬᠤᠷᠠᠯ ᠤᠨ ᠬᠤᠯᠪᠣᠭᠳᠠᠯ ᠪᠦᠭᠦᠢ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠶ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠢ ᠰᠠᠶᠢᠲᠤᠷ ᠠᠳᠬᠤᠬᠤ ᠪᠣᠯ ᠪᠥᠬᠦ ᠵᠢᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠭᠤᠤᠯᠳᠠᠯᠭ᠎ᠠ ᠲᠠᠢ ᠡᠭᠦᠷᠭᠡ ᠪᠠ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠪᠥᠬᠦ ᠬᠤᠰᠢᠭᠤ ᠪᠠᠷ ᠢᠶᠠᠨ ᠠᠵᠤ ᠠᠬᠤᠶ ᠶᠢᠨ ᠠᠵᠢᠯᠯᠠᠭᠠᠨ ᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠤᠨ᠂ ᠠᠵᠤ ᠠᠬᠤᠶ ᠶᠢᠨ ᠠᠵᠢᠯᠯᠠᠭᠠᠨ ᠤ ᠠᠵᠢᠯ ᠢ ᠨᠠᠷᠢᠯᠢᠭ ᠤᠨᠤᠪᠴᠢᠲᠠᠢ ᠥᠨᠳᠥᠷ ᠪᠦᠲᠦᠮᠵᠢᠲᠡᠶ ᠪᠠᠷ ᠰᠠᠶᠢᠲᠤᠷ ᠠᠳᠬᠤᠵᠤ᠂ ᠰᠠᠷ᠎ᠠ ᠪᠠᠷ ᠤᠯᠠᠷᠢᠯ ᠢ ᠪᠠᠲᠤᠯᠠᠵᠤ᠂ ᠤᠯᠠᠷᠢᠯ ᠢᠶᠠᠷ ᠵᠢᠯ ᠢ ᠪᠠᠲᠤᠯᠠᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠭᠤᠤᠯ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠠᠢ ᠃     ᠵᠣᠣ ᠶᠠᠨ ᠬᠤᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠵᠤ᠂ ᠠᠵᠢᠯ ᠲᠥᠷᠥᠯ ᠤᠨ ᠵᠠᠳᠠᠯᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠨ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠬᠡᠷᠡᠭᠲᠡᠶ᠃ ᠠᠵᠤ ᠠᠬᠤᠶ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠪᠡᠷᠬᠡ ᠠᠰᠠᠭᠤᠳᠠᠯ ᠪᠠ ᠲᠦᠭᠵᠢᠷᠡᠯ ᠲᠠᠢ ᠠᠰᠠᠭᠤᠳᠠᠯ ᠤᠨ ᠲᠣᠭᠤᠷᠢᠨ ᠳᠤ ᠡᠭᠦᠷᠭᠡ ᠶᠢᠨ ᠲᠣᠳᠣᠷᠬᠠᠶ ᠬᠠᠭᠤᠳᠠᠰᠤ᠂ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠵᠦᠢᠯ ᠳᠠᠷᠠᠭᠠᠯᠠᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠳᠤᠲᠠᠭᠤᠳᠠᠯ ᠢ ᠨᠥᠬᠦᠪᠥᠷᠢᠯᠡᠵᠦ᠂ ᠵᠦᠢᠯᠡᠰ ᠢ ᠴᠢᠩᠭ᠎ᠠ ᠪᠠᠭᠤᠷᠠᠭᠤᠯᠤᠨ᠂ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠶ᠃ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠷᠢᠯᠴᠠᠨ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠡᠮᠬᠢ ᠳᠠᠷᠠᠭ᠎ᠠ ᠲᠠᠢ ᠪᠠᠷ ᠠᠬᠢᠭᠤᠯᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠴᠢᠬᠤᠯᠠ ᠪᠤᠰᠤ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠶᠢᠨ ᠵᠢᠭᠠᠯᠲᠠ ᠲᠤᠭ᠎ᠠ ᠶᠢ ᠪᠣᠳᠠᠲᠠᠶ ᠪᠠᠷ ᠣᠶᠢᠯᠠᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号