ᠬᠤᠲᠠ ᠶᠢᠨ ᠳᠡᠳ᠋ ᠳᠠᠷᠤᠭ᠎ᠠ ᠶᠠᠩ ᠮᠥ ᠮᠠᠨ ᠤ ᠬᠤᠰᠢᠭᠤᠨ ᠳᠤ ᠬᠦᠷᠴᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/8
     3 ᠰᠠᠷ᠎ᠠ  ᠤᠨ 8 ᠤ ᠡᠳᠦᠷ ᠬᠤᠲᠠ ᠶᠢᠨ ᠳᠡᠳ᠋ ᠳᠠᠷᠤᠭ᠎ᠠ ᠶᠠᠩ ᠮᠥ ᠮᠠᠨ ᠤ ᠬᠤᠰᠢᠭᠤᠨ ᠳᠤ ᠬᠦᠷᠴᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠶᠠᠩ ᠮᠦ ᠨᠡᠷ ᠮᠧᠶ ᠯᠢᠨ ᠭᠦ᠋ ᠴᠠᠰᠤᠨ ᠳᠤ ᠭᠤᠯᠭᠤᠬᠤ ᠲᠠᠯᠠᠪᠠᠢ ᠶᠢᠨ ᠴᠠᠰᠤᠨ ᠤ ᠬᠡᠷᠡᠭᠰᠡᠯ ᠤᠨ ᠶᠡᠭᠡ ᠲᠢᠩᠬᠢᠮ᠂ ᠤᠷᠤᠯᠳᠤᠭᠠᠨ ᠤ ᠲᠠᠯᠠᠪᠠᠢ ᠳᠤ ᠭᠦᠨᠵᠡᠭᠡᠶᠢᠷᠡᠵᠦ᠂ ᠤᠷᠤᠯᠳᠤᠭᠠᠨ ᠤ ᠲᠠᠯᠠᠪᠠᠢ ᠵᠢᠴᠢ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠤ ᠳᠠᠷᠠᠭ᠎ᠠ ᠶᠠᠷᠢᠯᠴᠠᠬᠤ ᠬᠤᠷᠠᠯ ᠬᠢᠭᠰᠡᠨ ᠪᠥᠭᠡᠳ ᠤᠷᠤᠯᠳᠤᠭᠠᠨ ᠤ ᠳᠦᠷᠢᠮ ᠲᠣᠭᠲᠠᠭᠠᠯ᠂ ᠡᠷᠬᠢᠯᠡᠬᠦ ᠴᠠᠭ᠂ ᠬᠦᠯᠢᠶᠡᠨ ᠠᠪᠬᠤ ᠦᠢᠯᠡᠴᠢᠯᠡᠭᠡ᠂ ᠠᠮᠤᠷ ᠢ ᠬᠠᠮᠠᠭᠠᠯᠠᠬᠤ ᠤᠬᠠᠭᠤᠯᠭ᠎ᠠ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠠᠷᠠᠴᠢᠨ ᠬᠤᠰᠢᠭᠤᠨ ᠤ ᠬᠢᠨ ᠡᠨᠡᠬᠦ ᠲᠠᠮᠢᠷ ᠤᠨ ᠬᠥᠳᠡᠯᠭᠡᠭᠡᠨ ᠢ ᠥᠷᠨᠢᠭᠦᠯᠬᠦ ᠳᠤ ᠵᠣᠬᠢᠬᠤ ᠲᠤᠷᠰᠢᠯᠭ᠎ᠠ ᠬᠤᠷᠠᠮᠳᠤᠭᠤᠯᠵᠠᠶ᠂ ᠤᠷᠤᠯᠳᠤᠭᠠᠨ ᠤ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠶ ᠪᠡᠯᠡᠳᠬᠡᠵᠦ᠂ ᠪᠥᠬᠦ ᠬᠦᠴᠦᠨ ᠢᠶᠠᠷ ᠢᠶᠠᠨ ᠤᠷᠤᠯᠳᠤᠭᠠᠨ ᠢ ᠳᠥᠯᠭᠢᠨ ᠠᠬᠢᠭᠤᠯᠬᠤ ᠠᠵᠢᠯ ᠢ ᠲᠦᠷᠭᠡᠳᠬᠡᠵᠦ᠂ ᠳᠡᠭᠡᠳᠦ ᠲᠠᠰ ᠤᠨ ᠤᠷᠤᠯᠳᠤᠭᠠᠨ ᠢ ᠡᠷᠭᠢᠯᠡᠬᠦ ᠪᠠᠷ ᠳᠠᠮᠵᠢᠭᠤᠯᠤᠨ᠂ ᠬᠤᠲᠠ᠂ ᠬᠤᠰᠢᠭᠤᠨ ᠤ ᠰᠠᠶᠢᠨ ᠰᠠᠶᠢᠬᠠᠨ ᠳᠦᠷᠢ ᠲᠥᠷᠬᠦ ᠶᠢ ᠭᠦᠶ᠋ᠴᠡᠳ ᠳᠡᠯᠭᠡᠨ ᠦᠵᠡᠭᠦᠯᠵᠦ᠂ ᠲᠠᠮᠢᠷ ᠤᠨ ᠤᠷᠤᠯᠳᠤᠭᠠᠨ ᠤ ᠰᠢᠨ᠎ᠡ ᠠᠵᠤ ᠠᠬᠤᠶ ᠶᠢᠨ ᠦᠷ᠎ᠡ ᠠᠰᠢᠭ ᠢ ᠲᠠᠰᠤᠷᠠᠯᠲᠠ ᠥᠬᠡᠶ ᠨᠡᠮᠡᠭᠳᠡᠭᠦᠯᠬᠦ ᠶᠢ ᠬᠦᠰᠡᠵᠦ ᠪᠠᠶᠢᠨ᠎ᠠ᠃     ᠦᠨᠡᠨ ᠢ ᠪᠠᠷᠢᠮᠲᠠᠯᠠᠨ ᠳᠡᠭᠡᠳᠦ ᠱᠠᠲᠤᠨ ᠳᠤ ᠠᠵᠢᠯ ᠤᠨ ᠪᠠᠶᠢᠳᠠᠯ ᠪᠠ ᠴᠠᠭ ᠤᠨ ᠵᠠᠩᠭᠢᠯᠠᠭ᠎ᠠ ᠶᠢᠨ ᠴᠡᠭ ᠢ ᠲᠤᠰᠬᠠᠵᠤ᠂ ᠤᠷᠤᠯᠳᠤᠭᠠᠨ ᠢ ᠳᠠᠭᠠᠭᠠᠨ ᠡᠷᠭᠢᠯᠡᠬᠦ ᠱᠠᠭᠠᠷᠳᠠᠯᠭ᠎ᠠ ᠶᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ︔ ᠨᠠᠷᠢᠨ ᠵᠦᠢᠯᠡᠰ ᠤᠨ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠢᠯᠡᠴᠢᠯᠡᠭᠴᠢᠳ ᠢ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠬᠦᠯᠢᠶᠡᠨ ᠠᠪᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠬᠠᠷᠢᠭᠤᠴᠠᠯᠭ᠎ᠠ ᠶᠢ ᠲᠣᠳᠣᠷᠬᠠᠶ ᠪᠣᠯᠭᠠᠬᠤ ᠬᠡᠷᠡᠭᠲᠡᠶ︔ ᠤᠷᠤᠯᠳᠤᠭᠠᠨ ᠤ ᠶᠠᠪᠤᠳᠠᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠡᠯ᠎ᠡ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠴᠢᠩᠭᠠᠳᠬᠠᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠲᠠᠮᠢᠷᠴᠢᠳ ᠵᠢᠴᠢ ᠪᠥᠬᠦ ᠠᠵᠢᠯᠲᠠᠨ ᠤ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号