ᠮᠠᠨ ᠤ ᠬᠤᠰᠢᠭᠤ ᠪᠤᠯᠪᠠᠰᠤᠨ ᠬᠤᠲᠠ ᠪᠠᠶᠢᠭᠤᠯᠬᠤ ᠠᠵᠢᠯ ᠤᠨ ᠵᠢᠯᠣᠭᠤᠳᠬᠤ ᠭᠠᠵᠠᠷ ᠤᠨ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠪᠤᠯᠪᠠᠰᠤᠨ ᠬᠤᠲᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠢᠪᠠ
ᠨᠡᠶᠢᠲᠡᠯᠡᠭᠰᠡᠨ ᠴᠠᠭ᠄
2023/3/9
     3 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠤᠯᠪᠠᠰᠤᠨ ᠬᠤᠲᠠ ᠪᠠᠶᠢᠭᠤᠯᠬᠤ ᠠᠵᠢᠯ ᠤᠨ ᠵᠢᠯᠣᠭᠤᠳᠬᠤ ᠭᠠᠵᠠᠷ ᠤᠨ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠬᠤᠲᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠢᠤᠢ ᠵᠢᠶᠠᠨ ᠬᠤᠶ᠂ ᠮᠠ ᠶᠦᠩ ᠭᠠᠩ᠂ ᠳ᠋ᠦᠩ ᠯᠸᠢ᠂ ᠶᠠᠩ ᠸᠧᠨ ᠳ᠋ᠦᠩ᠂ ᠰᠢᠶ᠋ᠸ ᠶᠦᠨ ᠰᠥᠩ ᠵᠢᠴᠢ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     ᠬᠤᠷᠠᠯ ᠠᠴᠠ ᠬᠤᠲᠠ ᠶᠢᠨ ᠪᠤᠯᠪᠠᠰᠤᠨ ᠬᠤᠲᠠ ᠪᠠᠶᠢᠭᠤᠯᠬᠤ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠰᠢᠭᠤᠨ ᠤ ᠪᠤᠯᠪᠠᠰᠤᠨ ᠬᠤᠲᠠ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ ᠪᠤᠯᠪᠠᠰᠤᠨ ᠬᠤᠲᠠ ᠪᠠᠶᠢᠭᠤᠯᠬᠤ ᠠᠵᠢᠯ ᠢ ᠳᠠᠬᠢᠨ ᠠᠬᠢᠭᠤᠯᠵᠤ᠂ ᠳᠠᠬᠢᠨ ᠪᠠᠶᠢᠷᠢᠯᠠᠭᠤᠯᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠪᠤᠯᠪᠠᠰᠤᠨ ᠬᠤᠲᠠ ᠪᠠᠶᠢᠭᠤᠯᠬᠤ ᠠᠵᠢᠯ ᠨᠢ ᠪᠥᠬᠦ ᠬᠤᠲᠠ ᠶᠢᠨ ᠭᠠᠳᠠᠭᠠᠳᠤ ᠳᠤ ᠬᠠᠨᠳᠤᠭᠤᠯᠤᠭᠰᠠᠨ ᠳᠦᠷᠢ ᠲᠥᠷᠬᠦ ᠪᠠ ᠢᠷᠠᠭᠤ ᠠᠯᠳᠠᠷ ᠲᠠᠢ ᠬᠤᠯᠪᠣᠭᠳᠠᠵᠤ᠂ ᠴᠠᠭ ᠪᠠᠴᠢᠮ ᠡᠭᠦᠷᠭᠡ ᠬᠦᠨᠳᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠡᠷᠬᠡᠪᠰᠢ ᠪᠥᠬᠦ ᠬᠤᠲᠠ ᠶᠢᠨ ᠪᠤᠯᠪᠠᠰᠤᠨ ᠬᠤᠲᠠ ᠪᠠᠶᠢᠭᠤᠯᠬᠤ ᠠᠵᠢᠯ ᠤᠨ ᠶᠡᠭᠡ ᠲᠠᠯ᠎ᠠ ᠠᠴᠠ ᠡᠭᠦᠰᠴᠦ᠂ ᠪᠤᠯᠪᠠᠰᠤᠨ ᠬᠤᠲᠠ ᠪᠠᠶᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠤᠯᠪᠠᠰᠤᠨ ᠬᠤᠲᠠ ᠪᠠᠶᠢᠭᠤᠯᠬᠤ ᠠᠵᠢᠯ ᠳᠤ ᠲᠥᠪ ᠴᠢᠩᠭ᠎ᠠ ᠨᠠᠷᠢᠨ ᠬᠢᠨᠠᠮᠠᠭᠠᠶ ᠬᠠᠨᠳᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠴᠢᠳᠠᠮᠠᠭᠠᠶ ᠠᠵᠢᠯᠯᠠᠵᠤ᠂ ᠮᠠᠨ ᠤ ᠬᠤᠰᠢᠭᠤᠨ ᠤ ᠬᠤᠲᠠ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠠᠢ ᠃     ᠹᠠᠩ ᠷᠦᠢ ᠴᠢᠬᠤᠯᠠᠴᠢᠯᠠᠬᠤ ᠳᠠᠭᠠᠨ᠂ ᠣᠷᠣᠨ ᠪᠠᠶᠢᠷᠢ ᠪᠣᠯᠤᠨ ᠴᠡᠭ ᠪᠠᠶᠢᠷᠢ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠯᠪᠠᠰᠤᠨ ᠵᠠᠮ ᠬᠠᠷᠢᠯᠴᠠᠭ᠎ᠠ ᠵᠡᠷᠭᠡ ᠲᠠᠯ᠎ᠠ ᠳᠤ ᠴᠢᠭᠯᠡᠭᠦᠯᠦᠨ ᠬᠦᠴᠦᠲᠡᠶ ᠠᠷᠭ᠎ᠠ ᠬᠡᠮᠵᠢᠶ᠎ᠡ ᠠᠪᠴᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠰᠢᠪᠲᠤᠯᠤᠯᠲᠠ ᠪᠠᠷ ᠪᠤᠯᠪᠠᠰᠤᠨ ᠬᠤᠲᠠ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢ ᠳᠠᠶᠢᠴᠢᠯᠠᠬᠤ ᠬᠡᠷᠡᠭᠲᠡᠶ ᠭᠡᠵᠡᠶ᠃ ᠬᠤᠲᠠ ᠪᠠᠶᠢᠭᠤᠯᠬᠤ ᠪᠣᠯ ᠪᠥᠬᠦ ᠣᠷᠣᠨ ᠪᠦᠰᠡ᠂ ᠪᠥᠬᠦ ᠠᠵᠢᠯᠲᠠᠨ᠂ ᠪᠥᠬᠦ ᠲᠠᠯ᠎ᠠ ᠳᠤ ᠬᠤᠯᠪᠣᠭᠳᠠᠬᠤ ᠠᠵᠢᠯ ᠮᠥᠨ᠂ ᠪᠥᠬᠦ ᠬᠤᠰᠢᠭᠤ ᠪᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠦᠭᠦᠳ ᠨᠡᠪᠲᠡᠷᠡᠯᠴᠡᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠬᠠᠮᠢᠶ᠎ᠠ ᠪᠥᠬᠦᠶ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠵᠤ᠂ ᠪᠤᠯᠪᠠᠰᠤᠨ ᠬᠤᠲᠠ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠪᠤᠯᠪᠠᠰᠤᠨ ᠬᠤᠲᠠ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠠᠢ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号