ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠳᠤᠭᠤᠶᠢᠯᠠᠩ ᠳᠠᠭᠠᠭᠤᠯᠤᠨ ᠱᠠᠨᠳᠦ᠋ᠩ ᠮᠤᠵᠢ ᠶᠢᠨ ᠽᠤᠤᠵᠤᠸᠠᠩ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/4/14
     4 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠽᠤᠤᠵᠤᠸᠠᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠵᠦ᠂ ᠲᠠᠢ ᠡᠯ ᠵᠤᠸᠠᠩ ᠤᠨ ᠡᠮ ᠤᠨ ᠲᠣᠯᠢ ᠶᠢᠨ ᠮᠦᠽᠧᠶ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠲᠣᠭᠤᠷᠢᠨ ᠦᠵᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠰᠤᠪᠢᠯᠠᠯᠲᠠ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠰᠤᠳᠤᠯᠭᠠᠨ ᠵᠡᠷᠭᠡ ᠠᠵᠤ ᠦᠢᠯᠡᠰ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃     ᠲᠠᠢ ᠡᠯ ᠵᠤᠸᠠᠩ ᠤᠨ ᠡᠮ ᠤᠨ ᠲᠣᠯᠢ ᠶᠢᠨ ᠮᠦᠽᠧᠢ ᠳᠤ᠂ ᠹᠠᠩ ᠷᠦᠢᠵᠡᠷᠭᠡ ᠬᠦᠮᠦᠰ ᠤᠷᠢᠳ ᠬᠤᠵᠢᠳ ᠡᠮ ᠤᠨ ᠲᠣᠯᠢ ᠶᠢᠨ ᠮᠦᠽᠧᠢ ᠶᠢᠨ 9 ᠴᠢᠳᠠᠮᠵᠢᠳᠦ ᠣᠷᠣᠨ ᠢ ᠲᠣᠭᠤᠷᠢᠨ ᠦᠵᠡᠵᠦ᠂ ᠠᠳᠠᠯᠢ ᠪᠤᠰᠤ ᠦᠵᠡᠰᠬᠦᠯᠡᠩ ᠤᠨ ᠣᠷᠳᠣᠨ ᠤ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠵᠤ᠂ ᠮᠦᠽᠧᠢ ᠶᠢᠨ ᠬᠠᠷᠢᠭᠤᠴᠠᠯᠭᠠᠲᠠᠨ ᠮᠢᠶᠣᠣ ᡁᠢ ᠬᠤᠸᠠ ᠮᠦᠽᠧᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ ᠂ ᠡᠵᠡᠩᠨᠡᠯᠲᠡ ᠶᠢᠨ ᠵᠠᠭᠪᠤᠷ ᠵᠡᠷᠭᠡ ᠶᠢ ᠨᠠᠷᠢᠨ ᠲᠠᠨᠢᠯᠴᠠᠭᠤᠯᠵᠠᠢ᠃ ᠹᠠᠩ ᠷᠦᠢ ᠵᠢᠭᠠᠵᠤ ᠭᠠᠷᠭᠠᠭᠰᠠᠨ ᠨᠢ᠂ ᠲᠠᠢ ᠡᠯ ᠵᠤᠸᠠᠩ ᠤᠨ ᠡᠮ ᠤᠨ ᠲᠣᠯᠢ ᠶᠢᠨ ᠮᠦᠽᠧᠶ ᠨᠢ ᠥᠷᠭᠡᠨ ᠣᠯᠠᠨ ᠲᠦᠮᠡᠨ ᠳᠤ ᠬᠢᠲᠠᠳ ᠡᠮ ᠡᠮᠨᠡᠯᠭᠡ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠪᠥᠭᠡᠳ ᠤᠯᠤᠰ ᠤᠨ ᠳᠣᠲᠣᠭᠠᠳᠤ ᠶᠢᠨ ᠬᠢᠲᠠᠳ ᠡᠮ ᠤᠨ ᠤᠬᠠᠭᠠᠨ ᠤ ᠬᠥᠭᠵᠢᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ᠶᠢᠨ ᠷᠢᠳᠢ ᠰᠢᠳᠢ ᠶᠢ ᠦᠵᠡᠭᠦᠯᠬᠦ ᠴᠢᠬᠤᠯᠠ ᠴᠣᠩᠬᠤ ᠪᠣᠯᠤᠭᠰᠠᠨ ᠪᠠᠶᠢᠨ᠎ᠠ᠃  ᠡᠯ᠎ᠡ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠶ ᠡᠮᠬᠢᠯᠡᠨ ᠵᠠᠳᠠᠯᠵᠤ᠂ ᠮᠦᠽᠧᠶ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠯᠠᠪᠯᠠᠯᠲᠠ ᠪᠣᠯᠭᠠᠵᠤ᠂ ᠬᠠᠷᠠᠴᠢᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠪᠡᠶ᠎ᠡ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠡᠬᠢ ᠪᠠᠶᠠᠯᠢᠭ ᠪᠠ ᠬᠥᠭᠵᠢᠯᠲᠡ ᠶᠢᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ᠂ ᠮᠠ ᠠᠨ ᠱᠠᠨ ᠤ ᠦᠵᠡᠮᠵᠢ ᠶᠢᠨ ᠣᠷᠣᠨ᠂ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠵᠡᠷᠭᠡ ᠭᠠᠵᠠᠷ ᠣᠷᠣᠨ ᠳᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠦᠵᠡᠭᠦᠯᠦᠯᠭᠡ ᠶᠢᠨ ᠣᠷᠳᠣᠨ ᠢ ᠰᠦᠪᠡᠭᠴᠢᠯᠡᠨ ᠪᠠᠶᠢᠭᠤᠯᠵᠤ᠂ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠠᠵᠢᠯ ᠤᠨ ᠬᠥᠭᠵᠢᠯᠲᠡ ᠶᠢᠨ ᠲᠡᠤᠬᠡ ᠶᠢ ᠭᠦᠢᠴᠡᠳ ᠳᠡᠯᠭᠡᠨ ᠦᠵᠡᠭᠦᠯᠵᠦ᠂ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠦᠨ᠎ᠡ᠃ ᠰᠠᠭᠤᠳᠠᠯ ᠤᠨ ᠬᠤᠷᠠᠯ ᠳᠡᠭᠡᠷ᠎ᠡ᠂ ᠪᠠᠰᠠ ᠮᠠ ᠠᠨ ᠱᠠᠨ ᠤ ᠱᠢ ᠢ ᠵᠢᠶᠠᠩ ᠨᠠᠨ ᠡᠷᠡᠭᠦᠯᠵᠢᠯ ᠰᠤᠪᠢᠯᠠᠯᠲᠠ ᠶᠢᠨ ᠪᠠᠯᠭᠠᠰᠤᠨ ᠤ ᠲᠦᠷᠦᠯ ᠵᠦᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠰᠤᠳᠤᠯᠤᠨ ᠬᠢᠨᠠᠨ ᠪᠠᠶᠢᠴᠠᠭᠠᠵᠤ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠢ ᠬᠥᠳᠡᠭᠡ ᠠᠵᠤ ᠠᠬᠤᠢ ᠰᠣᠶᠣᠯ ᠪᠣᠯᠪᠠᠰᠤᠷᠠᠯ ᠵᠤᠭᠠᠴᠠᠯ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠶᠡᠷᠦᠩᠬᠡᠢ ᠰᠡᠳᠬᠢᠴᠡ ᠪᠠᠷ ᠲᠦᠷᠭᠡᠬᠡᠨ ᠵᠠᠰᠠᠪᠤᠷᠢ ᠣᠷᠣᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠰᠢᠭᠤᠨ ᠦ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠨᠢᠤ ᠵᠢᠶᠠ ᠢᠩᠽᠢ ᠪᠠᠯᠭᠠᠰᠤ᠂ ᠾᠧᠨᠠᠨ ᠵᠡᠭᠡᠯᠢ ᠭᠤᠳᠤᠮᠵᠢ᠂ ᠮᠥᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃

640.jpg

640 (2).jpg

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号