ᠮᠠᠨ ᠤ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2023/4/17
     4 ᠰᠠᠷ᠎ᠠ ᠶᠢᠨ 15 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠬᠡᠷ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠦᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ ᠪᠠ ᠨᠢᠦ ᠵᠢᠶᠠ ᠢᠩᠽᠢ ᠪᠠᠯᠭᠠᠰᠤᠨ ᠤ ᠵᠠᠰᠠᠭ ᠤᠨ ᠣᠷᠳᠣᠨ ᠵᠡᠷᠭᠡ 18 ᠨᠢᠭᠡᠴᠡ ᠲᠣᠰ ᠲᠣᠰ ᠵᠢᠨᠱᠠᠨ ᠲᠣᠮᠣ ᠠᠰᠠᠷ᠂ ᠾᠧ ᠮᠧᠶ ᠨᠡᠶᠢᠭᠡᠮ ᠲᠣᠭᠤᠷᠢᠭ ᠤᠨ ᠵᠢᠦ ᠷᠠᠨ ᠵᠢᠢ ᠵᠢᠶᠠ ᠳᠤ ᠬᠠᠮᠲᠤᠷᠠᠨ ︽ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠲᠤᠤᠱᠯᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠡᠪ ᠪᠣᠯᠪᠠᠰᠤᠷᠠᠯ ᠢ ᠴᠢᠩᠭᠠᠳᠬᠠᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠭᠰᠠᠨ ᠨᠠᠢᠮᠠᠳᠤᠭᠠᠷ ᠤᠳᠠᠭᠠᠨ ᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠢᠴᠢ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠤᠤᠯᠳᠠᠯᠭ᠎ᠠ ᠲᠠᠢ ᠤᠬᠠᠭᠤᠯᠪᠠ᠃     ᠣᠶᠢᠯᠠᠭᠠᠭᠰᠠᠨ ᠢᠶᠠᠷ᠂ ᠪᠥᠬᠦ ᠬᠤᠰᠢᠭᠤᠨ ᠤ 11 ᠰᠢᠶᠠᠩ ᠪᠠᠯᠭᠠᠰᠤ ᠵᠡᠭᠡᠯᠢ ᠭᠤᠳᠤᠮᠵᠢ ᠪᠠ ᠡᠯ᠎ᠡ ᠬᠤᠯᠪᠣᠭᠳᠠᠯ ᠪᠥᠬᠦᠶ ᠬᠤᠰᠢᠭᠤᠨ ᠰᠢᠭᠤᠳ ᠬᠠᠷᠢᠶ᠎ᠠ ᠨᠢᠭᠡᠴᠡ 4 ᠰᠠᠷ᠎ᠠ ᠶᠢᠨ 11 ᠤ ᠡᠳᠦᠷ ᠠᠴᠠ ᠡᠬᠢᠯᠡᠨ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ᠃ ᠣᠲᠣ ᠪᠣᠯᠲᠠᠯ᠎ᠠ᠂ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 3 ᠲᠦᠮᠡ ᠭᠠᠷᠤᠶ ᠬᠤᠪᠢ ᠲᠠᠷᠬᠠᠭᠠᠵᠤ᠂ 400 ᠭᠠᠷᠤᠶ ᠵᠤᠷᠪᠤᠰ ᠡᠯᠭᠦᠭᠰᠡᠨ ᠪᠢᠴᠢᠭᠡᠰᠦ᠂ 200 ᠭᠠᠷᠤᠶ ᠬᠥᠮᠦᠨ ᠢ ᠬᠥᠳᠡᠯᠭᠡᠵᠦ᠂ 10 ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠠᠶ᠃     2015 ᠣᠨ ᠤ 7 ᠰᠠᠷ᠎ᠠ ᠶᠢᠨ 1 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ ᠶᠢᠨ 14 ᠳ᠋ᠦᠭᠡᠷ ᠵᠦᠢᠯ ᠳᠤ᠄ ᠵᠢᠯ ᠪᠦᠷᠢ ᠶᠢᠨ 4 ᠰᠠᠷ᠎ᠠ ᠶᠢᠨ 15 ᠤ ᠡᠳᠦᠷ ᠢ ᠠᠷᠠᠳ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠭᠠᠨ᠎ᠠ ᠭᠡᠵᠦ ᠲᠣᠭᠲᠠᠭᠠᠵᠠᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号