ᠮᠠ ᠶᠦᠩ ᠭᠠᠩ ᠲᠤᠭᠤᠢᠯᠠᠩ ᠳᠠᠭᠠᠭᠤᠯᠤᠨ ᠯᠢᠶᠣᠤᠨᠢᠩ ᠮᠤᠵᠢ ᠶᠢᠨ ᠴᠤᠤᠶᠠᠩ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/4/18
     4 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ ᠳᠤᠭᠤᠢᠯᠠᠩ ᠳᠠᠭᠠᠭᠤᠯᠤᠨ ᠯᠢᠶᠣᠤᠨᠢᠩ ᠮᠤᠵᠢ ᠶᠢᠨ ᠴᠤᠤᠶᠠᠩ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ᠃     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠤᠤᠶᠠᠩ ᠬᠤᠳᠠ ᠶᠢᠨ ᠰᠢᠨ ᠮᠧᠢ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠪᠣᠯᠤᠨ ᠵᠧᠩ ᠰᠢᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠨ ᠵᠣᠯᠭᠠᠭᠤᠯᠵᠤ᠂ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠤᠬᠠᠢ ᠭᠦᠨᠵᠡᠭᠡᠢ ᠰᠣᠯᠢᠯᠴᠠᠪᠠ᠃ ᠴᠤᠤᠶᠠᠩ ᠬᠤᠳᠠ ᠶᠢᠨ ᠰᠢᠨ ᠮᠧᠢ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠪᠣᠯᠤᠨ ᠵᠧᠩ ᠰᠢᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠨᠤᠭ ᠲᠥᠬᠦᠭᠡᠷᠦᠮᠵᠢ ᠦᠢᠯᠡᠳᠬᠦ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠠᠢ᠃     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠬᠠᠷᠠᠴᠢᠨ ᠬᠤᠰᠢᠭᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠨᠲᠡ ᠪᠠᠶᠢᠭᠤᠯᠤᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠨᠢ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠳᠤ ᠲᠠᠪᠴᠠᠩ ᠪᠠᠶᠢᠭᠤᠯᠤᠨ ᠥᠭᠴᠦ᠂ ᠰᠢᠨ᠎ᠡ ᠬᠡᠯᠪᠡᠷᠢ ᠶᠢᠨ ᠲᠥᠬᠦᠭᠡᠷᠦᠮᠵᠢ ᠦᠢᠯᠡᠳᠬᠦ ᠦᠢᠯᠡᠰ ᠤᠨ ᠰᠠᠭᠤᠷᠢᠰᠢᠭᠰᠠᠨ ᠬᠦᠷᠢᠶᠡᠯᠡᠩ ᠲᠣᠭᠤᠷᠢᠭ ᠨᠢ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠢ ᠳᠥᠯᠭᠢᠨ ᠠᠬᠢᠭᠤᠯᠬᠤ ᠡᠯ᠎ᠡ ᠵᠦᠢᠯ ᠤᠨ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃     ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠮᠦᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠤᠰᠬᠠᠶ ᠠᠩᠭᠢ ᠶᠢᠨ ᠬᠠᠷᠢᠭᠤᠴᠠᠯᠭᠠᠲᠠᠨ ᠬᠤᠳᠠᠯᠳᠤᠭᠠᠴᠢᠨ ᠤᠷᠢᠬᠤ ᠵᠥᠪᠳᠡᠯᠴᠡᠭᠡ ᠳᠤ ᠣᠷᠣᠯᠴᠠᠪᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号