︽ᠤᠰᠤᠨ ᠤ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠵᠢᠴᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠲᠥᠰᠦᠯ
ᠨᠡᠶᠢᠲᠡᠯᠡᠭᠰᠡᠨ ᠴᠠᠭ᠄
2023/4/2
  ︽ᠤᠰᠤᠨ ᠤ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ︾ ᠤᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠵᠢᠴᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠲᠥᠰᠦᠯ  ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠭᠦᠷᠭᠡ ᠶᠢᠨ ᠲᠤᠬᠠᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ᠂ ᠠᠮᠢ ᠠᠬᠤᠢ ᠶᠢᠨ ᠰᠢᠰᠲᠧᠮ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠥᠭᠡᠷᠡᠴᠢᠯᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠬᠤ ᠪᠠ ᠵᠠᠯᠬᠠᠭᠠᠨ ᠰᠢᠳᠬᠡᠬᠦ ᠵᠡᠷᠭᠡ ᠠᠵᠢᠯᠯᠠᠭ᠎ᠠ ᠶᠢᠨ ᠪᠠᠶᠢᠷᠢᠯᠠᠭᠤᠯᠤᠯᠲᠠ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠨᠡᠬᠦ ᠰᠠᠭᠤᠷᠢᠨ ᠳᠡᠭᠡᠷ᠎ᠡ ᠂ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ᠳᠤ ᠬᠠᠤᠯᠢᠵᠢᠯ ᠤᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠬᠢᠵᠡᠢ᠃  ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠤ ᠤᠰᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠨ ᠳᠡᠭᠡᠭᠰᠢᠯᠡᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠥᠬᠡ ᠣᠭᠲᠠᠷᠭᠤᠶ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠤ ᠢᠯᠠᠯᠲᠠ ᠶᠢ ᠣᠯᠵᠤ᠂ ᠡᠭᠦᠨ ᠤ ᠲᠤᠯᠠᠳᠠ ᠤᠰᠤᠨ ᠤ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠪᠠ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠷᠠᠳ ᠢᠶᠠᠷ ᠢᠶᠠᠨ ᠮᠡᠳᠡᠵᠦ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠬᠠᠤᠯᠢ ᠲᠦᠭᠡᠮᠡᠯᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠪᠥᠬᠦ ᠨᠡᠶᠢᠭᠡᠮ ᠢᠶᠠᠷ ᠢᠶᠠᠨ ᠤᠰᠤᠨ ᠤ ᠬᠠᠤᠯᠢ᠂ ᠣᠶ ᠰᠢᠭᠤᠶ ᠶᠢᠨ ᠬᠠᠤᠯᠢ᠂ ᠨᠤᠲᠤᠭ ᠪᠡᠯᠴᠢᠭᠡᠷ ᠤᠨ ᠬᠠᠤᠯᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠵᠢᠷᠤᠮᠯᠠᠬᠤ ᠶᠢ ᠬᠥᠲᠥᠯᠦᠨ ᠵᠢᠯᠣᠭᠤᠳᠴᠤ᠂ ᠤᠰᠤ ᠠᠷᠪᠢᠯᠠᠬᠤ ᠦᠵᠡᠯ ᠤᠬᠠᠮᠰᠠᠷ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠲᠩᠷᠢ ᠨᠢ ᠬᠥᠬᠡ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ ᠰᠠᠭᠤᠷᠢᠰᠢᠬᠤ ᠳᠤ ᠲᠣᠬᠢᠷᠠᠮᠵᠢᠲᠠᠶ ᠬᠠᠷᠠᠴᠢᠨ ᠶᠢ ᠪᠠᠶᠢᠭᠤᠯᠬᠤ ᠶᠢᠨ ᠲᠥᠯᠥᠭᠡ ᠴᠢᠷᠮᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号