ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/20
     4 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠠᠨ ᠬᠤᠷᠠᠯᠳᠤᠭᠤᠯᠪᠠ᠃     ᠵᠣᠣ ᠶᠠᠨ ᠬᠤᠩ ᠴᠢᠬᠤᠯᠠᠴᠢᠯᠠᠭᠰᠠᠨ ᠨᠢ᠂ ᠠᠵᠤ ᠦᠢᠯᠡᠳᠪᠦᠷᠢ  ᠶᠢᠨ ᠬᠦᠷᠢᠶᠡᠯᠡᠩ ᠲᠣᠭᠤᠷᠢᠭ ᠪᠣᠯ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠭᠤᠤᠯ ᠲᠡᠶᠢᠨ ᠤ ᠲᠠᠯᠠᠪᠤᠷ ᠮᠥᠨ᠂ ᠠᠵᠤ ᠦᠢᠯᠡᠳᠪᠦᠷᠢ ᠶᠢ ᠰᠠᠶᠢᠲᠤᠷ ᠠᠳᠬᠤᠬᠤ ᠳᠤ ᠶᠠᠭᠤᠨ ᠤ ᠡᠮᠦᠨ᠎ᠡ ᠬᠦᠷᠢᠶᠡᠯᠡᠩ ᠲᠣᠭᠤᠷᠢᠭ ᠤᠨ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠬᠤᠯᠪᠣᠭᠳᠠᠯ ᠪᠦᠭᠦᠢ ᠰᠠᠯᠠᠭ᠎ᠠ ᠮᠥᠴᠢᠷ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠠᠵᠤ ᠦᠢᠯᠡᠳᠪᠦᠷᠢ ᠶᠢ ᠶᠡᠬᠡᠪᠡᠷ ᠠᠳᠬᠤᠬᠤ ᠢᠲᠡᠭᠡᠯ ᠵᠣᠷᠢᠭ ᠢᠶᠠᠨ ᠪᠠᠲᠤᠳᠬᠠᠵᠤ᠂ ᠥᠨᠳᠥᠷ ᠲᠦᠪᠰᠢᠨ ᠪᠦᠭᠦᠢ ᠬᠦᠷᠢᠶᠡᠯᠡᠩ ᠲᠣᠭᠤᠷᠢᠭ ᠢ ᠪᠦᠳᠤᠭᠡᠨ ᠪᠠᠶᠢᠭᠤᠯᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠶᠢ ᠪᠠᠲᠤᠳᠬᠠᠬᠤ ᠬᠡᠷᠡᠭᠲᠡᠢ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠮᠢᠩᠭ᠎ᠠ ᠲᠦᠮᠡᠨ ᠵᠦᠢᠯ ᠪᠠᠶᠢᠨ᠎ᠠ᠃ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠣᠳᠣᠬᠢ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ᠂ ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯ ᠤᠨ ᠪᠦᠯᠬᠦᠮ ᠳᠤ ᠲᠦᠰᠢᠭᠯᠡᠨ ᠭᠠᠵᠠᠷ ᠰᠢᠷᠣᠶ ᠠᠰᠢᠭᠯᠠᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠮᠡᠷᠭᠡᠵᠢᠯ ᠤᠨ ᠵᠦᠶ ᠵᠣᠬᠢᠰᠲᠠᠶ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠲᠥᠯᠥᠪᠯᠡᠭᠡ ᠲᠣᠭᠲᠠᠭᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ᠂ ᠬᠠᠷᠢᠭᠤᠴᠠᠯᠭ᠎ᠠ ᠲᠠᠢ ᠨᠢᠭᠡᠴᠡ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃     ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠵᠤ᠂ ᠲᠣᠰ ᠲᠣᠰ ᠤᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠢᠶᠠᠷ ᠢᠶᠠᠨ ᠭᠤᠤᠯᠳᠠᠯᠭ᠎ᠠ ᠶᠢ ᠳᠣᠪᠤᠶᠢᠯᠭᠠᠨ᠂ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠴᠢᠩᠭᠠᠷᠠᠭᠤᠯᠬᠤ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠩᠭᠦᠶ ᠡᠷᠴᠢᠮᠯᠢᠭ ᠲᠥᠪᠯᠡᠷᠡᠨ ᠬᠥᠭᠵᠢᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠤᠰᠤ᠂ ᠴᠠᠬᠢᠯᠭᠠᠨ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠣᠳᠣᠬᠢᠴᠢᠯᠠᠭᠰᠠᠨ ᠥᠨᠳᠥᠷ ᠪᠠᠷᠢᠮᠵᠢᠶᠠᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ ᠃     ᠬᠤᠷᠠᠯ ᠳᠡᠭᠡᠷ᠎ᠡ᠂ ᠤᠯᠠᠭᠠᠨᠬᠠᠳᠠ ᠶᠢᠨ ᠰᠢᠨ᠎ᠡ ᠮᠠᠲᠸᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲᠸᠷᠢᠶᠠᠯ ᠤᠨ ᠠᠵᠤ ᠦᠢᠯᠡᠰ ᠤᠨ ᠬᠦᠷᠢᠶᠡᠯᠡᠩ ᠪᠣᠯᠤᠨ ᠬᠠᠷᠠᠴᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠵᠠᠳᠠᠯᠤᠨ ᠰᠤᠳᠤᠯᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠶ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号