ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/4/20
     4 ᠳ᠋ᠦᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠡᠳ᠋ ᠲᠡᠷᠢᠭᠦᠯᠡᠭᠴᠢ ᠴᠡᠴᠡᠭ ᠬᠠᠷᠠᠴᠢᠨ ᠬᠤᠰᠢᠭᠤᠨ ᠳᠤ ᠬᠦᠷᠴᠦ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢᠨ ᠵᠢᠩ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠴᠡᠴᠡᠭ ᠵᠡᠷᠭᠡ ᠬᠦᠮᠦᠰ ᠤᠷᠢᠳ ᠬᠤᠵᠢᠳ ᠨᠢᠦ ᠵᠢᠶᠠ ᠢᠩᠽᠢ ᠪᠠᠯᠭᠠᠰᠤᠨ ᠤ ᠨᠢᠦ ᠵᠢᠶᠠ ᠢᠩᠽᠢ ᠲᠣᠰᠬᠤᠨ᠂ ᠵᠢᠨᠱᠠᠨ ᠪᠠᠯᠭᠠᠰᠤᠨ ᠤ ᠯᠦᠩ ᠱᠠᠨ ᠲᠣᠰᠬᠤᠨ᠂ ᠵᠢᠨᠱᠠᠨ ᠪᠠᠯᠭᠠᠰᠤᠨ ᠤ ᠶᠠᠨ ᠵᠢᠶᠠ ᠳ᠋ᠢ ᠲᠣᠰᠬᠤᠨ᠂ ᠡᠾᠧᠨᠠᠨ ᠵᠡᠭᠡᠯᠢ ᠶᠢᠨ ᠮᠠ ᠠᠨ ᠱᠠᠨ ᠲᠣᠰᠬᠤᠨ᠂ ᠸᠠᠩ ᠶᠧ ᠹᠦ᠋ ᠪᠠᠯᠭᠠᠰᠤᠨ ᠤ ᠸᠠᠩ ᠶᠧ ᠹᠦ᠋ ᠲᠣᠰᠬᠤᠨ᠂ ᠮᠡᠢᠷᠡᠨ ᠪᠠᠯᠭᠠᠰᠤᠨ ᠤ ᠪᠠᠭ᠎ᠠ ᠮᠡᠢᠷᠡᠨ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃     ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ︵ ᠮᠣᠩᠭᠤᠯ ᠡᠮ ᠤᠨ ᠮᠠᠲ᠋ᠧᠷᠢᠶᠠᠯ︶  ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠪᠠ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ᠂ ᠤᠯᠠᠭᠠᠨᠬᠠᠳᠠ ᠶᠢᠨ ᠬᠤᠩ ᠹᠦ᠋ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠰᠢᠪᠡᠭᠡ ᠭᠤᠣᠯ ᠤᠨ ᠰᠠᠪᠠ ᠭᠠᠵᠠᠷ ᠤᠨ ᠵᠠᠭᠤᠨ ᠺᠢᠯᠣᠮᠧᠲᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠷᠢᠶᠠᠯᠠᠩ ᠰᠣᠶᠣᠯ ᠵᠤᠭᠠᠴᠠᠯ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ ᠶᠢ ᠡᠭᠦᠳᠦᠨ ᠪᠠᠶᠢᠭᠤᠯᠤᠭᠰᠠᠨ᠂ ᠢᠦᠢ ᠯᠦᠩ ᠴᠤᠸᠠᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠮᠠ ᠠᠨ ᠱᠠᠨ ᠤ ᠰᠣᠶᠣᠯ ᠵᠤᠭᠠᠴᠠᠯ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ᠂ ᠸᠠᠩ ᠶᠧ ᠹᠦ᠋ ᠶᠢᠨ ᠲᠡᠦᠬᠡ ᠰᠣᠶᠣᠯ ᠤᠨ ᠨᠡᠷᠡᠳᠦ ᠪᠠᠯᠭᠠᠰᠤ ᠶᠢ ᠲᠡᠰ ᠳᠡᠪᠰᠢᠭᠦᠯᠬᠦ ᠪᠦᠳᠦᠭᠡᠨ ᠪᠠᠶᠢᠭᠤᠯᠤᠯᠲᠠ ᠵᠢᠴᠢ ᠤᠢ ᠶᠢᠨ ᠬᠤᠷᠮᠣᠢ ᠶᠢᠨ ᠠᠵᠤ ᠠᠬᠤᠢ᠂ ᠬᠥᠳᠡᠭᠡ ᠲᠣᠰᠬᠤᠨ ᠤ ᠵᠠᠰᠠᠯᠲᠠ ᠵᠢᠴᠢ ᠭᠠᠵᠠᠷ ᠰᠢᠷᠣᠢ ᠶᠢᠨ ᠨᠡᠭᠡᠭᠡᠨ ᠠᠰᠢᠭᠯᠠᠯᠲᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠤᠢᠯᠭᠠᠪᠠ᠃     ᠴᠡᠴᠡᠭ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠲᠡᠦᠬᠡ ᠰᠣᠶᠣᠯ ᠥᠨᠢ ᠤᠳᠠᠭᠠᠨ᠂ ᠪᠠᠶᠢᠭᠠᠯᠢ ᠶᠢᠨ ᠥᠩᠭᠡ ᠦᠵᠡᠮᠵᠢ ᠦᠵᠡᠰᠬᠦᠯᠡᠩ ᠰᠠᠶᠢᠬᠠᠨ ᠠᠮᠢ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠣᠷᠣᠨ ᠨᠤᠲᠤᠭ ᠤᠨ ᠣᠨᠴᠠ ᠭᠠᠷᠤᠯᠲᠠ ᠠᠩᠬ᠎ᠠ ᠠᠯᠬᠤᠮ ᠬᠡᠪᠴᠢᠶᠡᠵᠢᠵᠦ᠂ ᠤᠢᠢᠷ᠎ᠠ ᠶᠢᠨ ᠬᠡᠳᠦᠨ ᠵᠢᠯ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠬᠤ᠂ ᠰᠣᠶᠣᠯ ᠵᠤᠭᠠᠴᠠᠯ ᠤᠨ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠴᠦ᠂ ᠠᠷᠠᠳ ᠤᠨ ᠠᠮᠢᠳᠤᠷᠠᠯ ᠡᠳᠦᠷ ᠢᠷᠡᠬᠦᠶ᠎ᠡ ᠪᠠᠶᠠᠨ ᠴᠢᠨᠡᠭᠡᠯᠢᠭ ᠪᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠬᠦᠴᠦ ᠣᠷᠣᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠦᠷ᠎ᠡ ᠪᠦᠲᠦᠭᠡᠯ ᠢᠶᠠᠨ ᠪᠠᠲᠤᠳᠬᠠᠬᠤ ᠶᠢᠨ ᠵᠡᠷᠭᠡᠪᠡᠷ ᠦᠷᠭᠦᠯᠵᠢᠯᠡᠨ ᠬᠦᠴᠦᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠳᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠮᠡᠬᠡᠶᠢᠯᠡᠨ ᠲᠡᠮᠡᠴᠡᠵᠦ᠂ ᠵᠣᠷᠢᠭᠲᠠᠢ ᠪᠠᠷ ᠤᠷᠤᠭᠰᠢᠯᠠᠵᠤ᠂ ᠰᠢᠨ᠎ᠡ ᠬᠠᠷᠠᠯᠲᠠ ᠲᠡᠰᠢ ᠤᠷᠤᠭᠰᠢᠯᠠᠵᠤ᠂ ᠰᠢᠨ᠎ᠡ ᠠᠶᠠᠨ ᠳᠤ ᠭᠠᠪᠢᠶ᠎ᠠ ᠪᠠᠶᠢᠭᠤᠯᠵᠤ᠂ ᠬᠠᠷᠠᠴᠢᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号