ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨᠠᠨ ᠵᠢᠯᠣᠭᠤᠳᠬᠤ ᠳᠤᠭᠤᠶᠢᠯᠠᠩ ᠬᠠᠷᠠᠴᠢᠨ ᠬᠤᠰᠢᠭᠤᠨ ᠳᠤ ᠬᠦᠷᠴᠦ ᠤᠯᠤᠰ ᠤᠨ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/4/22
ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨᠠᠨ ᠵᠢᠯᠣᠭᠤᠳᠬᠤ ᠳᠤᠭᠤᠶᠢᠯᠠᠩ ᠬᠠᠷᠠᠴᠢᠨ ᠬᠤᠰᠢᠭᠤᠨ ᠳᠤ ᠬᠦᠷᠴᠦ ᠤᠯᠤᠰ ᠤᠨ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠪᠠ     4 ᠳ᠋ᠦᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠮᠠ ᠴᠢᠶᠠᠩ ᠳᠤᠭᠤᠢᠯᠠᠩ ᠳᠠᠭᠠᠭᠤᠯᠤᠨ ᠬᠠᠷᠠᠴᠢᠨ ᠬᠤᠰᠢᠭᠤᠨ ᠳᠤ ᠬᠦᠷᠴᠦ ᠤᠯᠤᠰ ᠤᠨ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠢᠴᠢᠭᠲᠦ ᠵᠢᠴᠢ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ      ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠸᠠᠩ ᠶᠧ ᠳ᠋ᠢᠶᠠᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠮᠠᠨ ᠤ ᠬᠤᠰᠢᠭᠤᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃     ᠰᠠᠭᠤᠳᠠᠯ ᠤᠨ ᠬᠤᠷᠠᠯ ᠳᠡᠭᠡᠷ᠎ᠡ᠂ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠬᠠᠷᠠᠴᠢᠨ ᠬᠤᠰᠢᠭᠤᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠪᠠ ᠣᠶ ᠰᠢᠭᠤᠶ ᠡᠪᠡᠰᠦ ᠪᠡᠯᠴᠢᠭᠡᠷ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠵᠠᠳᠠᠯᠤᠨ ᠰᠤᠳᠤᠯᠵᠤ᠂ ᠬᠠᠮᠢᠶ᠎ᠠ ᠪᠥᠬᠦᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤ ᠵᠢᠯᠣᠭᠤᠳᠣᠯᠭ᠎ᠠ ᠬᠢᠵᠦ᠂ ᠲᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠳᠤ ᠱᠠᠭᠠᠷᠳᠠᠯᠭ᠎ᠠ ᠳᠤᠷᠠᠳᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠣᠯ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠶᠢᠨ ᠤᠯᠠᠮ ᠨᠢᠭᠡ ᠠᠯᠬᠤᠮ ᠤᠨ ᠦᠷᠭᠦᠯᠵᠢᠯᠡᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠤᠯᠤᠰ ᠤᠨ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠲᠥᠪ ᠴᠢᠩᠭ᠎ᠠ ᠴᠢᠨᠠᠷ ᠪᠠ ᠴᠢᠬᠤᠯᠠ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠣᠶ ᠰᠢᠭᠤᠶ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠪᠡᠶᠡᠯᠡᠭᠦᠯᠬᠦ ᠬᠡᠷᠡᠭᠲᠡᠶ᠃     ᠬᠤᠷᠠᠯ ᠠᠴᠠ ᠴᠢᠩᠭᠠᠳᠬᠠᠭᠰᠠᠨ ᠨᠢ ᠂ ᠤᠯᠤᠰ ᠤᠨ ᠤᠢ ᠰᠢᠭᠤᠢ ᠶᠢᠨ ᠴᠡᠴᠡᠷᠯᠢᠭ ᠢ ᠵᠢᠭᠰᠠᠭᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠵᠠᠰᠠᠬᠤ ᠪᠣᠯ ᠪᠢᠳᠡᠨ ᠤ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠤᠨ᠎ᠠ ᠭᠡᠵᠦ᠂ ᠡᠯ᠎ᠡ ᠱᠠᠲᠤᠨ ᠤ ᠰᠠᠯᠠᠭ᠎ᠠ ᠮᠥᠴᠢᠷ ᠤᠳ ᠴᠠᠭ ᠤᠨ ᠤᠬᠠᠮᠰᠠᠷ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠯᠤᠰ ᠬᠡᠲᠦ ᠶᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠠᠰᠠᠭᠤᠳᠠᠯ ᠢ ᠲᠦᠢᠯᠪᠤᠷᠢᠲᠠᠶ ᠪᠦᠲᠦᠮᠵᠢᠲᠡᠶ ᠰᠢᠢᠳᠪᠦᠷᠢᠯᠡᠵᠦ ᠂ ᠣᠶ ᠰᠢᠭᠤᠶ ᠶᠢᠨ ᠴᠡᠴᠡᠷᠯᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠠᠰᠠᠭᠤᠳᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号