ᠬᠤᠰᠢᠭᠤᠨ ᠳᠠᠷᠤᠭ᠎ᠠ ᠵᠣᠣ ᠶᠠᠨ ᠬᠤᠩ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠵᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/4/5
     4 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠢᠭᠡᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠢᠴᠢᠭᠲᠦ ᠬᠤᠷᠠᠯ ᠳᠤ ᠣᠷᠣᠯᠴᠠᠵᠠᠶ᠃ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ︵ᠠᠵᠤ ᠦᠢᠯᠡᠳᠪᠦᠷᠢ ︶ ᠶᠢᠨ ᠨᠠᠮ ᠤᠨ ᠬᠤᠷᠢᠶ᠎ᠠ ᠶᠢᠨ ᠱᠦᠵᠢ ᠣᠷᠣᠯᠴᠠᠵᠠᠶ᠃     ᠬᠤᠰᠢᠭᠤᠨ ᠤ ᠳᠡᠳ᠋ ᠳᠠᠷᠤᠭ᠎ᠠ ᠪᠢᠴᠢᠭᠲᠦ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠭᠤᠷᠪᠠᠨ ᠬᠤᠪᠢᠷᠠᠯᠲᠠ ᠶᠢᠨ ᠥᠭᠡᠷᠡᠴᠢᠯᠡᠯᠲᠡ ᠶᠢᠨ ᠬᠤᠷᠠᠯ ᠳᠤᠮᠳᠠᠬᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠲᠠᠯ᠎ᠠ ᠪᠠᠷ ᠬᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠥᠬᠦ ᠬᠤᠰᠢᠭᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ ᠬᠤᠰᠢᠭᠤᠨ ᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠥᠬᠦ ᠬᠤᠰᠢᠭᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ᠃ ᠰᠢᠤᠢ ᠵᠢᠶᠠᠨ ᠾᠦᠢ ᠱᠦᠵᠢ ᠶᠠᠳᠠᠭᠤ ᠶᠢ ᠲᠡᠳᠬᠦᠬᠦ ᠵᠦᠢᠯᠡᠰ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠳᠤᠮᠳᠠ ᠣᠷᠣᠰᠢᠵᠤ ᠮᠡᠳᠡᠬᠦ ᠲᠣᠭᠲᠠᠭᠠᠯ ᠠᠴᠠ ᠵᠥᠷᠢᠴᠡᠵᠦ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠳᠤ ᠴᠢᠭᠯᠡᠭᠦᠯᠦᠨ ᠰᠠᠨᠠᠭᠤᠯᠭ᠎ᠠ ᠭᠠᠷᠭᠠᠭᠰᠠᠨ ᠪᠥᠭᠡᠳ ᠬᠤᠯᠪᠣᠭᠳᠠᠯ ᠪᠥᠬᠦᠶ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠵᠠᠶ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠢᠭᠡᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠬᠤ ᠪᠣᠯ ᠮᠠᠨ ᠤ ᠬᠤᠰᠢᠭᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠴᠣᠭᠴᠠ ᠶᠢᠨ ᠬᠠᠷᠢᠭᠤᠴᠠᠯᠭ᠎ᠠ ᠬᠢᠭᠡᠳ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠬᠤᠯᠪᠣᠯᠳᠤᠨ ᠬᠥᠳᠡᠯᠦᠯᠴᠡᠬᠦ ᠶᠢ ᠪᠡᠶᠡᠯᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠠᠮᠢᠳᠤᠯᠢᠭ ᠦᠢᠯᠡᠳᠦᠯᠭᠡ ᠮᠥᠨ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠶ ᠭᠡᠵᠠᠢ᠃     ᠵᠣᠣ ᠶᠠᠨ ᠬᠤᠩ ᠴᠢᠬᠤᠯᠠᠴᠢᠯᠠᠭᠰᠠᠨ ᠨᠢ᠂ ᠶᠠᠳᠠᠭᠤ ᠶᠢ ᠲᠡᠳᠬᠦᠬᠦ ᠲᠥᠷᠥᠯ ᠵᠦᠢᠯ  ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠪᠣᠯ ᠤᠯᠤᠰ ᠲᠥᠷᠥ ᠶᠢᠨ ᠡᠭᠦᠷᠭᠡ ᠪᠠ ᠬᠢᠵᠠᠭᠠᠷ ᠱᠤᠭᠤᠮ ᠤᠨ ᠡᠭᠦᠷᠭᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠣᠰ ᠠᠵᠢᠯ ᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠵᠦᠢᠯ ᠳᠠᠷᠠᠭᠠᠯᠠᠨ ᠲᠠᠩᠰᠠ ᠶᠢ ᠬᠠᠷᠭᠤᠭᠤᠯᠵᠤ ᠳ᠋ᠤᠭᠠᠷ ᠢ ᠨᠢ ᠬᠠᠰᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ ᠭᠡᠵᠠᠢ ᠃     ᠵᠣᠣ ᠶᠠᠨ ᠬᠤᠩ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠪᠠ ᠰᠢᠢᠳᠪᠦᠷᠢᠯᠡᠯᠲᠡ ᠶᠢ ᠵᠢᠷᠤᠮᠵᠢᠭᠤᠯᠵᠤ᠂ ᠪᠠᠯᠠ ᠮᠥᠩᠭᠦ ᠶᠢ ᠰᠤᠯᠠ ᠪᠠᠶᠢᠯᠭᠠᠬᠤ ᠪᠠ ᠠᠯᠳᠠᠭᠳᠠᠭᠤᠯᠬᠤ ᠠᠴᠠ ᠡᠷᠡᠰ ᠵᠠᠶᠢᠯᠠᠰᠬᠢᠬᠦ ᠬᠡᠷᠡᠭᠲᠡᠶ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ︽ᠡᠷᠬᠢᠨ ᠬᠠᠷᠠᠬᠤ︾ ᠵᠢᠴᠢ ᠬᠠᠮᠢᠶ᠎ᠠ ᠪᠥᠬᠦᠶ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠵᠦ᠂ ᠲᠠᠩᠰᠠ ᠡᠪᠬᠡᠮᠡᠯ ᠤᠨ ᠡᠬᠡ ᠲᠠᠩᠰᠠ ᠶᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠠᠵᠢᠯ ᠤᠨ ᠪᠢᠲᠡᠭᠦᠦ ᠴᠠᠭᠠᠷᠢᠭ ᠪᠦᠷᠢᠯᠳᠦᠬᠦ ᠶᠢ ᠪᠠᠲᠤᠯᠠᠬᠤ ᠬᠡᠷᠡᠭᠲᠡᠶ᠃ ᠡᠬᠡ ᠮᠥᠩᠭᠦ ᠵᠢᠴᠢ ᠠᠰᠢᠭ ᠣᠷᠣᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠤᠷᠠᠯ ᠠᠴᠠ ᠡᠮᠦᠨ᠎ᠡ ᠡᠬᠡ ᠮᠥᠩᠭᠦ ᠵᠢᠴᠢ ᠠᠰᠢᠭ ᠣᠷᠣᠯᠭ᠎ᠠ ᠶᠢᠨ ᠮᠥᠩᠭᠦ ᠶᠢ ᠲᠤᠰᠢᠶᠠᠭᠠᠳᠤᠶ ᠠᠵᠤ ᠠᠬᠤᠶᠢᠯᠠᠯ ᠪᠠ ᠬᠠᠷᠢᠶ᠎ᠠ ᠭᠠᠵᠠᠷ ᠲᠠᠢ ᠪᠣᠯᠵᠣᠨ ᠶᠠᠷᠢᠯᠴᠠᠵᠤ᠂ ᠪᠠᠶᠢᠳᠠᠯ ᠢ ᠲᠣᠳᠣᠷᠬᠠᠶ ᠲᠠᠨᠢᠵᠤ᠂ ᠠᠮᠠᠯᠠᠯᠲᠠ ᠪᠠ ᠪᠣᠯᠵᠤᠭ᠎ᠠ ᠶᠣᠰᠣᠭᠠᠷ ᠨᠥᠬᠦᠵᠦ ᠲᠤᠰᠢᠶᠠᠬᠤ ᠶᠢ ᠪᠣᠳᠠᠲᠠᠶᠢᠵᠢᠭᠤᠯᠵᠤ᠂ ᠲᠠᠷᠠᠭᠠᠴᠢ ᠶᠢᠨ ᠠᠯᠬᠤᠮ ᠳᠤ ᠠᠰᠢᠭ ᠣᠷᠣᠯᠭ᠎ᠠ ᠶᠢᠨ ᠮᠥᠩᠭᠦ ᠶᠢᠨ ᠪᠠᠶᠢᠳᠠᠯ ᠲᠠᠢ ᠲᠥᠷᠥᠯ ᠵᠦᠢᠯ ᠳᠤ ᠴᠢᠭᠯᠡᠭᠦᠯᠦᠨ᠂ ︽ᠨᠢᠭᠡ ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ︾ ᠳᠤ ᠲᠣᠳᠣᠷᠬᠠᠶ ᠬᠤᠷᠢᠶᠠᠨ ᠲᠤᠰᠢᠶᠠᠬᠤ ᠲᠥᠯᠥᠪᠯᠡᠭᠡ ᠲᠣᠭᠲᠠᠭᠠᠵᠤ᠂ ᠬᠠᠷᠢᠭᠤᠴᠠᠯᠭ᠎ᠠ ᠡᠭᠦᠷᠭᠡᠯᠡᠭᠴᠢ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠨ᠂ ᠲᠣᠭᠲᠠᠭᠰᠠᠨ ᠬᠤᠭᠤᠴᠠᠭᠠᠨ ᠳᠤ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃ ᠶᠠᠳᠠᠭᠤ ᠶᠢ ᠲᠡᠳᠬᠦᠬᠦ ᠡᠳ᠋ ᠬᠦᠷᠦᠩᠬᠡ ᠶᠢᠨ ᠬᠤᠶᠢᠰᠢᠳᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ᠂ ᠵᠢᠷᠤᠮᠵᠢᠭᠤᠯᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠬᠤᠷᠢᠭ᠎ᠠ ᠱᠤᠭᠤᠮ ᠢ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠳᠡᠭᠡᠳᠦ ᠲᠡᠰ ᠳᠠᠪᠬᠤᠷᠭ᠎ᠠ ᠲᠠᠢ ᠪᠣᠯᠭᠠᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠠᠢ᠃         
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号