ᠮᠠᠨ ᠤ ᠬᠤᠰᠢᠭᠤ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷᠴᠤᠳ ᠤᠨ ᠰᠤᠷᠲᠠᠯ ᠢ ᠴᠡᠭᠴᠡᠯᠡᠬᠦ ᠠᠵᠢᠯ ᠤᠨ ᠳ᠋ᠦᠩᠨᠡᠯᠲᠡ ᠵᠢᠴᠢ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/7
     3 ᠰᠠᠷ᠎ᠠ ᠶᠢᠨ 30 ᠤ ᠦᠳᠡ ᠶᠢᠨ ᠬᠤᠶᠢᠨ᠎ᠠ᠂ ᠮᠠᠨ ᠤ ᠬᠤᠰᠢᠭᠤ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷᠴᠤᠳ ᠤᠨ ᠰᠤᠷᠲᠠᠯ ᠢ ᠴᠡᠭᠴᠡᠯᠡᠬᠦ ᠠᠵᠢᠯ ᠤᠨ ᠳ᠋ᠦᠩᠨᠡᠯᠲᠡ ᠵᠢᠴᠢ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠵᠣᠤ ᠶᠠᠨ ᠬᠤᠩ ᠬᠤᠷᠠᠯ ᠡᠷᠭᠢᠯᠠᠪᠠ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠵᠢᠭᠠᠵᠤ ᠭᠠᠷᠭᠠᠭᠰᠠᠨ ᠨᠢ᠂ ᠠᠮᠵᠢᠯᠲᠠ ᠪᠠᠨ ᠨᠤᠲᠠᠯᠠᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠬᠡᠵᠢᠶᠡᠳᠡ ᠵᠠᠮ ᠳᠠᠭᠠᠨ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠪᠠᠲᠤᠯᠠᠬᠤ ᠬᠡᠷᠡᠭᠲᠡᠶ᠃ ᠨᠢᠳᠤᠨᠤᠨ ᠠᠴᠠ ᠨᠠᠰᠢ᠂ ᠪᠦᠭᠦ ᠬᠤᠰᠢᠭᠤᠨ ᠤ ᠰᠢᠨ᠎ᠡ ᠶᠢ ᠡᠭᠦᠳᠬᠦ ᠴᠢᠨᠠᠷᠲᠠᠶ ᠪᠠᠷ 4 ᠰᠠᠷ᠎ᠠ ᠶᠢᠨ ᠬᠤᠭᠤᠴᠠᠭ᠎ᠠ ᠲᠠᠢ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠢ ᠴᠡᠭᠴᠡᠯᠡᠬᠦ ᠠᠵᠢᠯ ᠢ ᠥᠷᠨᠢᠭᠦᠯᠵᠦ᠂ ︽ᠶᠡᠷᠦᠮᠳᠡᠭ︾ ᠢ ᠵᠠᠰᠠᠬᠤ ᠶᠢᠨ ᠲᠣᠭᠤᠷᠢᠨ ᠳᠤ ᠬᠡᠪ ᠴᠢᠨᠠᠷ ᠢ ᠳᠡᠭᠡᠭᠰᠢᠯᠡᠭᠦᠯᠵᠦ᠂ ᠠᠵᠢᠯ ᠶᠠᠪᠤᠳᠠᠯ ᠬᠢᠵᠦ ᠦᠢᠯᠡᠰ ᠪᠤᠰᠬᠠᠬᠤ ᠶᠢ ᠠᠬᠢᠭᠤᠯᠵᠤ᠂ ︽ᠵᠠᠯᠬᠠᠭᠤ︾ ᠶᠢ ᠵᠠᠰᠠᠵᠤ ᠦᠷ᠎ᠡ ᠠᠰᠢᠭ ᠢ ᠨᠡᠮᠡᠭᠳᠡᠭᠦᠯᠦᠨ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠠᠬᠢᠭᠤᠯᠵᠤ᠂ ︽ ᠲᠠᠷᠬᠠᠢ ︾ ᠶᠢ ᠵᠠᠰᠠᠵᠤ ᠬᠡᠪ ᠰᠤᠷᠲᠠᠯ ᠢ ᠲᠥᠪ ᠪᠣᠯᠭᠠᠨ᠂ ᠵᠠᠷᠯᠢᠭ ᠴᠠᠭᠠᠵᠠ ᠶᠢ ᠬᠡᠷᠡᠭᠵᠢᠭᠦᠯᠬᠦ ᠶᠢ ᠠᠬᠢᠭᠤᠯᠵᠤ᠂ ︽ᠬᠡᠶᠢᠰᠪᠦᠷᠢ︾ ᠢ ᠵᠠᠰᠠᠵᠤ ᠬᠠᠷᠢᠭᠤᠴᠠᠯᠭ᠎ᠠ ᠶᠢ ᠴᠢᠩᠭᠠᠳᠬᠠᠬᠤ᠂ ᠪᠤᠳᠠᠲᠠᠢ ᠠᠳᠬᠤᠵᠤ ᠪᠣᠳᠠᠲᠠᠶ ᠠᠵᠢᠯᠯᠠᠬᠤ ᠶᠢ ᠠᠬᠢᠭᠤᠯᠬᠤ᠂ ︽ ᠭᠡᠭᠡᠨᠴᠢᠷᠯᠡᠯ︾ ᠶᠢ ᠵᠠᠰᠠᠵᠤ ᠠᠷᠢᠭᠤᠨ ᠴᠢᠬᠡᠴᠢ ᠶᠢ ᠪᠠᠲᠤᠯᠠᠬᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠠᠬᠢᠭᠤᠯᠬᠤ᠂ ︽ ᠰᠠᠮᠠᠭᠤᠨ︾ ᠶᠢ ᠵᠠᠰᠠᠵᠤ ᠳᠦᠷᠢ ᠲᠥᠷᠬᠦ ᠶᠢ ᠪᠣᠶ ᠪᠣᠯᠭᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠬᠤ ᠵᠡᠷᠭᠡ ᠵᠢᠷᠭᠤᠭᠠᠨ ᠲᠠᠯ᠎ᠠ ᠪᠠᠷ ᠨᠢᠭᠡᠴᠢ ᠶᠢᠨ ᠳᠠᠪᠬᠤᠷᠭ᠎ᠠ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠳᠠᠪᠬᠤᠷᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠲᠥᠪᠯᠡᠷᠡᠭᠦᠯᠦᠨ ᠲᠥᠪ ᠴᠢᠩᠭ᠎ᠠ ᠴᠡᠭᠴᠡᠯᠡᠨ ᠵᠠᠰᠠᠬᠤ ᠪᠠᠷ ᠳᠡᠮᠵᠢᠨ᠂ ᠪᠥᠬᠦ ᠬᠤᠰᠢᠭᠤᠨ ᠤ ᠤᠯᠤᠰ ᠲᠥᠷᠥ ᠶᠢᠨ ᠠᠮᠢ ᠠᠬᠤᠶ ᠶᠢᠨ ᠣᠷᠴᠢᠨ ᠲᠣᠭᠤᠷᠢᠨ᠂ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ᠂ ᠠᠵᠢᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠴᠥᠮ ᠢᠯᠡᠳᠲᠡ ᠦᠷ᠎ᠡ ᠪᠦᠲᠦᠮᠵᠢ ᠤᠯᠪᠠ᠃ ᠭᠡᠪᠡᠴᠦ ᠪᠦᠭᠦ ᠬᠤᠰᠢᠭᠤᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠨᠡ ᠬᠦ ᠬᠥᠪᠴᠢ ᠪᠠᠨ ᠢᠮᠠᠭᠲᠠ ᠴᠢᠩᠭᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠥᠮᠦᠵᠢᠭᠦᠯᠦᠯ᠂ ᠤᠯᠠᠨ ᠲᠦᠮᠡᠨ ᠤ ᠢᠲᠡᠭᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号