ᠨᠠᠷᠢᠨ ᠪᠠᠭ᠎ᠠ ᠰᠤᠷᠭᠠᠭᠤᠯᠢ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/10
ᠨᠠᠷᠢᠨ ᠪᠠᠭ᠎ᠠ ᠰᠤᠷᠭᠠᠭᠤᠯᠢ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ     ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠬᠦᠮᠦᠵᠢᠯ ᠢ ᠢᠳᠡᠪᠬᠢᠲᠡᠢ ᠥᠷᠨᠢᠭᠦᠯᠵᠦ᠂ ᠪᠦᠬᠦ ᠪᠠᠭᠰᠢ ᠰᠤᠷᠤᠭᠴᠢᠳ ᠢ ︽ᠲᠠᠪᠤ ᠶᠢ ᠮᠡᠳᠡᠷᠡᠬᠦ︾ ︽ᠭᠤᠷᠪᠠ ᠠᠴᠠ ᠦᠯᠦ ᠰᠠᠯᠬᠤ︾ ᠶᠢ ᠰᠡᠳᠬᠢᠯ ᠵᠢᠷᠦᠬᠡᠨ ᠳᠤᠨᠢ ᠬᠠᠳᠠᠩᠰᠢᠭᠤᠯᠬᠤ ᠶᠢᠨ ᠲᠥᠯᠥᠭᠡ᠂ ᠨᠠᠷᠢᠨ ᠪᠠᠭ᠎ᠠ ᠰᠤᠷᠭᠠᠭᠤᠯᠢ ᠶᠢᠨ ᠬᠡᠰᠡᠭ ᠨᠠᠮ ᠤᠨ ᠭᠡᠰᠢᠭᠦᠨ᠂ ᠪᠠᠭᠰᠢ᠂ ᠰᠤᠷᠤᠭᠴᠢᠳ ᠤᠨ ᠲᠥᠯᠥᠭᠡᠯᠡᠭᠴᠢ 5 ᠰᠠᠷ᠎ᠠ ᠶᠢᠨ 9 ᠤ ᠡᠳᠦᠷ ᠨᠠᠷᠢᠨ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠦᠨᠳᠦᠰᠦᠲᠡᠨ ᠨᠦᠭᠦᠳ ᠨᠢᠭᠡ ᠭᠡᠷ ᠮᠡᠲᠦ ᠳᠤᠲᠤᠨᠤ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃     ︽ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠳᠬᠡᠬᠦ︾ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠮᠥᠨ᠃ ᠨᠠᠰᠤᠲᠠᠨ ᠢ ᠠᠰᠠᠷᠠᠬᠤ ᠬᠦᠷᠢᠶᠡᠯᠡᠩ ᠳᠤ ᠣᠷᠣᠬᠤ ᠳᠤ᠂ ᠨᠠᠮ ᠤᠨ ᠭᠡᠰᠢᠭᠦᠨ᠂ ᠪᠠᠭᠰᠢ ᠨᠠᠷ ᠨᠠᠰᠤᠲᠠᠳ ᠲᠤ ᠪᠡᠯᠡᠳᠬᠡᠭᠰᠡᠨ ᠦᠨᠢᠶᠡᠨ ᠰᠦ ᠂ ᠲᠠᠬᠢᠶᠠᠨ ᠥᠨᠳᠡᠭᠡ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠨᠠᠰᠤᠲᠠᠳ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ ᠨᠠᠷᠢᠨ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠨᠠᠰᠤᠲᠠᠳ ᠲᠤ ᠰᠣᠨᠢᠷᠬᠠᠯᠲᠠᠶ ᠤᠷᠠᠨ ᠰᠠᠶᠢᠬᠠᠨ ᠤ ᠲᠣᠭᠯᠠᠯᠲᠠ ᠬᠦᠷᠭᠡᠪᠡ᠃     ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠰᠤᠷᠤᠭᠴᠢᠳ ᠢ ᠨᠥᠯᠥᠭᠡᠯᠡᠵᠦ᠂ ᠰᠤᠷᠤᠭᠴᠢᠳ ᠢ ᠬᠥᠮᠦᠵᠢᠭᠦᠯᠵᠦ᠂ ᠨᠠᠰᠤᠲᠠᠶᠢᠴᠤᠳ ᠲᠤ ᠪᠠᠶᠠᠷ ᠪᠠᠶᠠᠰᠤᠯ ᠪᠠ ᠬᠠᠶᠢᠷ᠎ᠠ ᠬᠠᠯᠠᠮᠵᠢ ᠶᠢ ᠬᠦᠷᠲᠡᠭᠡᠭᠰᠡᠨ ᠢᠶᠠᠷ ᠪᠠᠷᠠᠬᠤ ᠦᠭᠡᠢ᠂ ᠪᠠᠭᠰᠢ ᠰᠤᠷᠤᠭᠴᠢᠳ ᠲᠤ ᠪᠠᠰᠠ ᠨᠢᠭᠡ ᠤᠳᠠᠭᠠᠨ ᠤ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠬᠥᠮᠦᠵᠢᠯ ᠢ ᠬᠦᠷᠲᠡᠭᠡᠵᠦ᠂ ᠤᠯᠠᠨ ᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠵᠤ᠂ ᠨᠠᠷᠢᠨ ᠪᠠᠭ᠎ᠠ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠲᠦᠷᠦᠯ ᠲᠡᠮᠳᠡᠭ ᠤᠨ ᠰᠢᠨ᠎ᠡ ᠲᠦᠷᠢ ᠲᠥᠷᠬᠦ ᠶᠢ ᠪᠤᠢ ᠪᠣᠯᠭᠠᠵᠤ᠂ ︽ᠦᠨᠳᠦᠰᠦᠲᠡᠨ ᠨᠦᠭᠦᠳ ᠨᠢᠭᠡ ᠭᠡᠷ ᠮᠡᠲᠤ ᠲᠤᠲᠤᠨᠤ ᠪᠠᠢᠵᠤ ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠬᠠᠷᠠᠯᠲᠠ ᠶᠢ ᠪᠡᠶᠡᠯᠡᠭᠦᠯᠬᠦ ᠳᠤ ᠦᠩᠭᠡ ᠪᠤᠳᠤᠭ ᠲᠠᠢ ᠬᠠᠭᠤᠳᠠᠰᠤ ᠶᠢ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号