ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠬᠤᠷᠠᠯ | ᠬᠤᠷᠠᠯᠳᠤᠪᠠ | 5 ᠰᠠᠷ᠎ᠠ ᠶᠢᠨ 10 ᠤ ᠦᠳᠡ ᠶᠢᠨ ᠬᠤᠶᠢᠨ᠎ᠠ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠷᠠᠯᠢᠭ ᠤᠨ ᠲᠥᠪ ᠲᠤ ᠬᠤᠷᠠᠯᠳᠤᠵᠤ᠂ ᠹᠠᠩ ᠷᠦᠢ᠂ ᠮᠠ | ᠵᠢᠩ ᠬᠤᠸᠠ᠂ ᠵᠠᠩ ᠬᠤᠸᠠ ᠵᠡᠷᠭᠡ ᠬᠡᠷ ᠲᠡᠭᠡᠨ ᠪᠠᠶᠢᠭ᠎ᠠ ᠬᠤᠰᠢᠭᠤᠨ ᠲᠠᠰ ᠤᠨ ᠤᠳᠤᠷᠢᠳᠤᠯᠭ᠎ᠠ ᠬᠤᠷᠠᠯ ᠳᠤ | ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ | ᠬᠤᠷᠠᠯ ᠢ ᠡᠷᠭᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ | ᠨᠢᠭᠡ ᠳᠤ ᠠᠮᠵᠢᠯᠲᠠ ᠪᠠᠨ ᠨᠤᠲᠠᠯᠠᠵᠤ᠂ ᠬᠦᠷᠦᠯᠴᠡᠬᠦ ᠥᠬᠡᠶ ᠲᠠᠯ᠎ᠠ ᠪᠠᠨ ᠵᠥᠪ ᠢᠶᠠᠷ ᠦᠵᠡᠵᠦ᠂ ᠰᠤᠷᠭᠠᠨ | ᠬᠥᠮᠦᠵᠢᠯ ᠤᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ | ᠴᠢᠩᠭᠠᠳᠬᠠᠬᠤ ᠬᠡᠷᠡᠭᠲᠡᠶ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠶᠠᠰᠤ ᠴᠢᠨᠠᠷ ᠪᠦᠲᠦᠮᠵᠢᠲᠡᠶ ᠳᠡᠭᠡᠭᠰᠢᠯᠡᠵᠦ᠂ ᠪᠠᠭᠰᠢ ᠶᠢᠨ ᠡᠩᠨᠡᠭᠡ ᠲᠠᠰᠤᠷᠠᠯᠲᠠ ᠥᠬᠡᠶ | ᠲᠡᠭᠦᠯᠳᠡᠷᠵᠢᠨ᠂ ᠣᠯᠤᠭᠰᠠᠨ ᠬᠢᠷᠢ ᠪᠦᠲᠦᠮᠵᠢ ᠨᠢ ᠣᠯᠠᠨ ᠤ ᠨᠢᠳᠦᠨ ᠳᠤ ᠢᠯᠡᠬᠡᠨ ᠪᠠᠶᠢᠨ᠎ᠠ᠃ ᠠᠮᠵᠢᠯᠲᠠ ᠪᠠᠨ | ᠭᠦᠢᠴᠡᠳ ᠨᠤᠲᠠᠯᠠᠬᠤ ᠶᠢᠨ ᠬᠠᠮᠲᠤ᠂ ᠪᠥᠬᠦ ᠬᠤᠰᠢᠭᠤᠨ ᠤ ᠪᠠᠭᠰᠢ ᠶᠢᠨ ᠡᠬᠢ ᠪᠠᠶᠠᠯᠢᠭ ᠬᠦᠨᠳᠦ ᠨᠣᠴᠢᠲᠠᠶ | ᠠᠯᠳᠠᠭᠳᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠲᠡᠩᠴᠡᠭᠦᠷᠢ ᠥᠬᠡᠶ᠂ ᠰᠤᠷᠭᠠᠨ | ᠬᠥᠮᠦᠵᠢᠯ ᠤᠨ ᠬᠠᠮᠢᠶᠠᠷᠤᠯᠲᠠ ᠳᠤ ᠮᠠᠰᠢ ᠣᠯᠠᠨ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ | ᠤᠯᠬᠤ ᠬᠡᠷᠡᠭᠲᠡᠶ᠂ ᠪᠢᠳᠡ ᠣᠲᠣ ᠶᠢᠨ ᠰᠠᠶᠢᠨ ᠬᠢᠷᠢ ᠪᠦᠲᠦᠮᠵᠢ ᠪᠠᠨ ᠪᠠᠲᠤᠯᠠᠭᠰᠠᠨ ᠰᠠᠭᠤᠷᠢᠨ ᠳᠡᠭᠡᠷ᠎ᠡ᠂ ᠪᠠᠰᠠ | ᠰᠢᠨ᠎ᠡ ᠶᠢ ᠡᠭᠦᠳᠴᠦ᠂ ᠬᠦᠴᠢᠷ ᠠᠰᠠᠭᠤᠳᠠᠯ ᠢ ᠰᠢᠢᠳᠪᠦᠷᠢᠯᠡᠨ ᠂ ᠴᠢᠩᠭ᠎ᠠ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ | ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠨᠡᠷ᠎ᠡ ᠶᠢᠨ | ᠬᠠᠭᠤᠳᠠᠰᠤ ᠶᠢ ᠤᠯᠠᠮ ᠠᠴᠠ ᠤᠯᠠᠮ ᠳᠠᠭᠤᠷᠢᠰᠤᠭᠤᠯᠬᠤ ᠬᠡᠷᠡᠭᠲᠡᠶ᠃ | ᠬᠤᠶᠠᠷ ᠲᠤ ᠭᠤᠤᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠭᠠᠨ ᠬᠥᠮᠦᠵᠢᠯ ᠤᠨ ᠠᠵᠢᠯ ᠤᠨ ᠬᠠᠷᠠᠯᠲᠠ ᠠᠷᠭ᠎ᠠ ᠵᠠᠮ ᠢ ᠰᠢᠨᠵᠢᠯᠡᠬᠦ | ᠤᠬᠠᠭᠠᠨᠴᠢ ᠪᠠᠷ ᠰᠦᠪᠡᠭᠴᠢᠯᠡᠬᠦ ᠬᠡᠷᠡᠭᠲᠡᠶ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠲᠦᠷᠦᠯ ᠲᠡᠮᠳᠡᠭ ᠢ ᠦᠷᠭᠦᠯᠵᠢᠯᠡᠨ ᠭᠢᠯᠠᠷᠠᠭᠤᠯᠬᠤ ᠬᠡᠷᠡᠭᠲᠡᠢ᠃ ᠠᠯᠪᠠᠨ ᠵᠢᠷᠤᠮ ᠤᠨ ᠰᠤᠷᠭᠠᠨ | ᠬᠥᠮᠦᠵᠢᠯ ᠢ ᠰᠤᠯᠠᠷᠠᠭᠤᠯᠬᠤ ᠦᠭᠡᠢ ᠪᠠᠶᠢᠬᠤ ᠶᠢᠨ ᠵᠡᠷᠭᠡᠪᠡᠷ ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠵᠤ᠂ ᠵᠡᠷᠭᠡ ᠪᠠᠷ ᠳᠠᠪᠲᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠶᠠᠰᠤ ᠴᠢᠨᠠᠷ ᠢ ᠦᠷᠭᠦᠯᠵᠢᠯᠡᠨ ᠨᠢᠭᠡ ᠳᠡᠭᠲᠡᠷ ᠲᠤ ᠭᠠᠷᠭᠠᠨ᠎ᠠ︔ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠨᠢᠭᠡ ᠲᠠᠯ᠎ᠠ ᠪᠠᠷ ᠰᠤᠷᠭᠠᠭᠤᠯᠢ ᠶᠢᠨ ᠤᠳᠤᠷᠢᠳᠬᠤ ᠪᠠᠭ ᠤᠨ | ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠶᠣᠰᠣ ᠮᠣᠷᠠᠯ ᠢ ᠪᠠᠲᠤ ᠰᠠᠬᠢᠵᠤ᠂ ᠲᠦᠷᠦ ᠶᠢᠨ | ᠪᠤᠳᠤᠯᠭ᠎ᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠨᠦᠭᠦᠭᠡ ᠲᠠᠯ᠎ᠠ ᠪᠠᠷ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠵᠢᠭᠠᠨ ᠰᠤᠷᠭᠠᠬᠤ ᠲᠤᠬᠠᠶᠢᠯᠠᠭᠰᠠᠨ ᠠᠵᠢᠯ ᠢ ᠨᠠᠷᠢᠨ ᠰᠤᠳᠤᠯᠵᠤ᠂ ᠤᠷᠮᠠᠰᠢᠭᠤᠯᠤᠨ | ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ︔ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠠᠭᠤᠷᠢ | ᠲᠥᠬᠦᠭᠡᠷᠦᠮᠵᠢ ᠶᠢᠨ ᠪᠠᠭᠤᠷᠠᠶ ᠭᠤᠭᠴᠤᠭ᠎ᠠ ᠪᠠ ᠵᠠᠩᠭᠢᠯᠠᠭ᠎ᠠ ᠶᠢᠨ ᠬᠦᠷᠢᠶ᠎ᠡ ᠶᠢᠨ ᠲᠣᠭᠤᠷᠢᠨ ᠳᠤ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠤᠰᠬᠠᠶ ᠪᠡᠯᠡ ᠮᠥᠩᠭᠦ ᠤᠯᠬᠤ ᠠᠵᠢᠯ ᠢ ᠥᠪᠡᠷᠲᠡᠭᠡᠨ | ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ | ᠨᠥᠬᠦᠪᠥᠷᠢ ᠶᠢᠨ ᠪᠠᠯᠠ ᠮᠥᠩᠭᠦ ᠶᠢ ᠰᠤᠷᠭᠠᠭᠤᠯᠢ ᠶᠢᠨ ᠬᠡᠷ ᠪᠠᠶᠢᠰᠢᠩ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ | ᠨᠣᠮ ᠪᠢᠴᠢᠭ᠂ ᠵᠢᠭᠠᠨ ᠰᠤᠷᠭᠠᠯᠲᠠ ᠶᠢᠨ ᠪᠠᠭᠠᠵᠢ ᠬᠡᠷᠡᠭᠰᠡᠯ ᠵᠢᠴᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ | ᠵᠡᠷᠭᠡ ᠳᠠᠭᠠᠯᠲᠠ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠶᠢ ᠳᠡᠮᠵᠢᠬᠦ ᠠᠰᠢᠭᠲᠠᠶ ᠲᠣᠬᠢᠶᠠᠯ ᠢ | ᠵᠠᠪᠳᠤᠨ ᠠᠳᠬᠤᠵᠤ᠂ ᠨᠢᠭᠡ ᠪᠦᠯᠦᠭ ᠰᠢᠯᠢᠳᠡᠭ ᠲᠥᠷᠥᠯ ᠵᠦᠢᠯ ᠢ ᠤᠬᠠᠭᠠᠯᠠᠨ ᠨᠥᠭᠡᠴᠡᠯᠡᠵᠦ᠂ ᠨᠠᠩ | ᠣᠯᠠᠨ ᠰᠤᠷᠭᠠᠨ ᠬᠥᠮᠦᠵᠢᠯ ᠤᠨ ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ ᠬᠠᠷᠠᠴᠢᠨ ᠳᠤ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠤᠨ ᠳᠤᠲᠠᠭᠤᠳᠠᠯ ᠢ ᠲᠦᠷᠭᠡᠨ | ᠨᠥᠬᠦᠪᠥᠷᠢᠯᠡᠨ᠎ᠡ ᠭᠡᠵᠠᠢ᠃ | ᠭᠤᠷᠪᠠ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠪᠠᠲᠤᠯᠠᠭ᠎ᠠ ᠪᠠᠨ ᠴᠢᠩᠭᠠᠳᠬᠠᠵᠤ᠂ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠱᠠᠲᠤ | ᠱᠠᠲᠤ ᠪᠠᠷ ᠳᠠᠷᠤᠯᠲᠠ ᠥᠭᠴᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠵᠤ᠂ ᠨᠢᠭᠡ ᠱᠠᠲᠤ ᠨᠢ | ᠨᠢᠭᠡ ᠱᠠᠲᠤ ᠳᠠᠭᠠᠨ ᠦᠵᠡᠭᠦᠯᠵᠦ᠂ ᠵᠣᠷᠢᠭᠲᠠᠶ ᠪᠠᠷ ᠠᠳᠬᠤᠨ ᠵᠣᠷᠢᠭᠲᠠᠶ ᠪᠠᠷ ᠬᠠᠮᠢᠶᠠᠷᠴᠤ ᠂ ᠰᠤᠷᠭᠠᠨ | ᠬᠥᠮᠦᠵᠢᠯ ᠤᠨ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠲᠠᠯ᠎ᠠ ᠶᠢᠨ | ᠬᠦᠴᠦᠨ ᠢ ᠨᠢᠭᠲᠠᠷᠠᠭᠤᠯᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠵᠦ᠂ ᠴᠤᠭᠭᠠᠷ ᠠᠳᠬᠤᠵᠤ ᠬᠠᠮᠲᠤᠪᠠᠷ | ᠬᠠᠮᠢᠶᠠᠷᠬᠤ᠂ ᠬᠠᠮᠵᠢᠯᠴᠠᠨ ᠠᠬᠢᠭᠤᠯᠬᠤ ︽ᠶᠡᠭᠡ ᠰᠤᠷᠭᠠᠨ ᠬᠥᠮᠦᠵᠢᠯ︾ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ︔ | ᠬᠠᠮᠲᠤᠷᠠᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠬᠤᠰᠢᠭᠤᠨ ᠦ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠣᠷᠴᠢᠨ | ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠶ᠃ ᠰᠤᠷᠭᠠᠨ ᠬᠥᠮᠦᠵᠢᠯ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠤᠰ ᠤᠨ | ᠬᠥᠭᠵᠢᠯᠲᠡ ᠶᠢᠨ ᠶᠡᠭᠡ ᠪᠤᠳᠤᠯᠭ᠎ᠠ ᠳᠤ ᠬᠤᠯᠪᠣᠭᠳᠠᠬᠤ ᠤᠴᠢᠷ ᠠᠴᠠ ᠪᠦᠬᠦ ᠨᠡᠶᠢᠭᠡᠮ ᠢᠶᠠᠷ ᠢᠶᠠᠨ ᠬᠠᠮᠵᠢᠯᠴᠠᠨ | ᠬᠥᠳᠡᠯᠦᠯᠴᠡᠵᠦ᠂ ᠬᠠᠮᠲᠤ ᠪᠠᠷ ᠳᠡᠮᠵᠢᠬᠦ ᠶᠢ ᠱᠠᠭᠠᠷᠳᠠᠨ᠎ᠠ᠃ ᠠᠵᠢᠯ ᠤᠨ ᠤᠶᠤᠨ ᠴᠢᠳᠠᠯ᠂ ᠲᠦᠷᠦᠯ ᠵᠦᠢᠯ ᠤᠨ | ᠳᠡᠮᠵᠢᠯᠭᠡ᠂ ᠪᠡᠯᠡ ᠮᠥᠩᠭᠦ ᠶᠢᠨ ᠣᠷᠣᠭᠤᠯᠤᠯᠲᠠ ᠶᠢ ᠰᠤᠷᠭᠠᠨ ᠬᠥᠮᠦᠵᠢᠯ ᠲᠡᠰᠢ ᠬᠡᠯᠪᠠᠶᠢᠯᠭᠡᠬᠦ ᠶᠢ ᠪᠠᠷᠢᠮᠲᠠᠯᠠᠵᠤ᠂ | ᠨᠡᠩ ᠤᠯᠠᠨ ᠰᠤᠷᠤᠭᠴᠢᠳ ᠲᠤ ᠨᠡᠩ ᠰᠢᠯᠢᠳᠡᠭ ᠪᠥᠭᠡᠳ ᠲᠡᠩᠴᠡᠭᠦᠷᠢᠲᠡᠢ ᠰᠤᠷᠭᠠᠨ ᠬᠥᠮᠦᠵᠢᠯ ᠬᠦᠷᠲᠡᠭᠡᠵᠦ | ᠬᠡᠷᠡᠭᠲᠡᠢ ᠭᠡᠵᠠᠢ᠃ | ᠬᠤᠷᠠᠯ ᠳᠡᠭᠡᠷ᠎ᠡ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ ︽ᠬᠠᠷᠠᠴᠢᠨ ᠬᠤᠰᠢᠭᠤᠨ ᠤ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠨᠠᠷᠢᠨ ᠲᠦᠷᠢᠮ︾ ᠳᠤ | ᠲᠠᠶᠢᠯᠤᠮᠵᠢ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠤᠤ ᠮᠤᠩ ᠬᠤᠩ ᠬᠦᠰᠦᠨᠦᠭᠲᠦ ᠶᠢᠨ ᠱᠠᠩᠨᠠᠯ ᠤᠨ | ᠲᠣᠭᠲᠠᠭᠠᠯ ᠢ ᠤᠩᠰᠢᠪᠠ᠃ | |