| | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ | ᠵᠤᠸᠠᠩ ᠸᠤᠨ ᠳ᠋ᠢ᠂ ᠡᠮᠡᠭᠲᠡᠶ᠂ ᠮᠣᠩᠭᠤᠯ ᠦᠨᠳᠦᠰᠦᠲᠡᠨ᠂ 1987 ᠣᠨ ᠤ 10 ᠰᠠᠷ᠎ᠠ ᠳᠤ ᠳᠦᠷᠦᠵᠡᠶ᠃ | 2009 ᠣᠨ ᠤ 7 ᠰᠠᠷ᠎ᠠ ᠳᠤ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠶᠡᠭᠡ ᠰᠤᠷᠭᠠᠭᠤᠯᠢ ᠶᠢᠨ ᠠᠮᠢᠲᠠᠨ ᠤ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠴᠡᠶ᠂ | 2016 ᠣᠨ ᠤ 1 ᠰᠠᠷ᠎ᠠ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ | ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠴᠡᠶ᠃ | | | ᠬᠤᠰᠢᠭᠤᠨ ᠳᠠᠷᠤᠭ᠎ᠠ ᠶᠢ ᠬᠠᠮᠵᠢᠨ ᠠᠷᠠᠳ ᠤᠨ ᠶᠠᠪᠤᠳᠠᠯ᠂ ᠨᠡᠶᠢᠭᠡᠮ ᠲᠣᠭᠤᠷᠢᠭ ᠤᠨ ᠵᠠᠰᠠᠯᠲᠠ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠠᠵᠤ ᠦᠢᠯᠡᠰ ᠪᠠ ᠬᠤᠲᠠ ᠶᠢᠨ ᠨᠡᠶᠢᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠤᠳᠠᠯᠳᠤᠭᠠᠨ ᠤ ᠶᠠᠪᠤᠳᠠᠯ︶᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ | ᠤᠯᠠᠭᠠᠨᠬᠠᠳᠠ ᠶᠢᠨ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ | ᠬᠡᠷ ︵ᠠᠵᠤ ᠦᠢᠯᠡᠰ ᠪᠠ ᠬᠤᠲᠠ ᠶᠢᠨ ᠨᠡᠶᠢᠯᠡᠯ︶᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢ | ᠬᠤᠪᠢᠳᠠᠨ ᠬᠠᠮᠢᠶᠠᠷᠤᠨ᠎ᠠ᠃ | | ᠬᠠᠷᠢᠯᠴᠠᠬᠤ ᠨᠢ᠄ ᠬᠤᠰᠢᠭᠤᠨ ᠤ ᠰᠢᠤᠳᠠᠨ ᠤ ᠬᠤᠪᠢᠶᠠᠷᠢ ᠺᠣᠮᠫᠠᠨᠢ᠂ ᠳᠠᠪᠤᠰᠤᠨ ᠤ ᠦᠢᠯᠡᠰ ᠤᠨ | ᠺᠣᠮᠫᠠᠨᠢ᠂ ᠰᠢᠨᠬᠤᠸᠠ ᠨᠣᠮ ᠤᠨ ᠳᠡᠯᠭᠡᠭᠦᠷ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠲᠤᠰᠬᠠᠶ | ᠬᠤᠳᠠᠯᠳᠤᠭᠠᠨ ᠤ ᠲᠣᠪᠴᠢᠶ᠎ᠠ᠃ | | | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ |