ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠮᠦᠩᠬᠡᠪᠠᠭᠠᠲᠤᠷ ᠮᠠᠨ ᠤ ᠬᠤᠰᠢᠭᠤᠨ ᠳᠤ ᠢᠷᠡᠵᠦ | ᠪᠠᠶᠢᠴᠠᠭᠠᠨ ᠰᠤᠳᠤᠯᠤᠯᠲᠠ ᠬᠢᠪᠠ | 5 ᠰᠠᠷ᠎ᠠ ᠶᠢᠨ 9 ᠤ ᠡᠳᠦᠷ᠂ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ | ᠪᠠᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠮᠦᠩᠬᠡᠪᠠᠭᠠᠲᠤᠷ ᠲᠤᠭᠤᠢᠯᠠᠩ ᠳᠠᠭᠠᠭᠤᠯᠤᠨ ᠮᠠᠨ ᠤ ᠬᠤᠰᠢᠭᠤᠨ ᠳᠤ | ᠬᠦᠷᠴᠦ ᠦᠨᠳᠦᠰᠦᠲᠡᠨ ᠤ ᠱᠠᠰᠢᠨ ᠰᠤᠷᠲᠠᠬᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠴᠢᠯᠠᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ | ᠰᠤᠳᠤᠯᠤᠯᠲᠠ ᠬᠢᠵᠡᠶ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ | ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ | ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠲᠤᠤ ᠮᠤᠩ ᠬᠤᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ᠂ ᠬᠤᠰᠢᠭᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ | ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠪᠢᠴᠢᠭᠲᠦ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠪᠠᠷ᠎ᠠ | ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠺᠠᠩ ᠨᠢᠩ ᠰᠧ ᠰᠦᠮ᠎ᠡ᠂ ᠸᠠᠩ ᠤᠨ ᠣᠷᠳᠣᠨ ᠤ ᠹᠦ᠋ ᠬᠤᠢ | ᠰᠧ ᠰᠦᠮ᠎ᠡ ᠳᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠤ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠯᠠᠪᠤᠷ ᠭᠠᠵᠠᠷ ᠤᠨ ᠪᠦᠳᠦᠭᠡᠨ ᠪᠠᠶᠢᠭᠤᠯᠤᠯᠲᠠ | ᠬᠠᠮᠢᠶᠠᠷᠤᠯᠲᠠ᠂ ᠲᠦᠷᠦ ᠶᠢᠨ ᠪᠤᠳᠤᠯᠭ᠎ᠠ ᠤᠨᠤᠯ ᠤᠨ ᠰᠤᠷᠤᠯᠴᠠᠯᠭ᠎ᠠ᠂ ᠤᠯᠠᠨ ᠲᠦᠮᠡᠨ ᠤ | ᠪᠦᠷᠢᠯᠳᠦᠯ ᠵᠡᠷᠭᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠭᠠᠯ ᠤᠨᠲᠠᠷᠠᠭᠠᠬᠤ᠂ ᠢᠳᠡᠭᠡᠨ ᠤ ᠠᠮᠤᠷ | ᠲᠦᠪᠰᠢᠨ ᠪᠠ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ ᠮᠦᠩᠬᠡᠪᠠᠭᠠᠲᠤᠷ ᠢᠯᠡᠳᠬᠡᠭᠰᠡᠨ ᠨᠢ ᠂ ᠮᠠᠨ ᠤ | ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠢᠮᠠᠭᠲᠠ ᠪᠠᠷᠢᠮᠲᠠᠯᠠᠵᠤ᠂ ᠱᠠᠰᠢᠨ | ᠰᠤᠷᠲᠠᠬᠤᠨ ᠪᠣᠯᠤᠨ ᠨᠡᠶᠢᠭᠡᠮ ᠵᠢᠷᠤᠮᠲᠤ ᠨᠡᠶᠢᠭᠡᠮ ᠤᠨ ᠬᠠᠷᠢᠯᠴᠠᠨ ᠵᠣᠬᠢᠴᠠᠬᠤ ᠥᠷᠭᠡᠴᠡ ᠪᠠ ᠭᠦᠨᠴᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠪᠬᠢᠲᠡᠢ ᠪᠥᠭᠡᠳ ᠡᠷᠡᠭᠦᠯ ᠱᠠᠰᠢᠨ ᠰᠤᠷᠲᠠᠬᠤᠨ ᠤ ᠬᠠᠷᠢᠴᠠᠭ᠎ᠠ ᠶᠢ | ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠶᠧ ᠹᠦ᠋ ᠪᠠᠯᠭᠠᠰᠤ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠰᠠᠭᠤᠷᠢᠨ ᠪᠣᠯᠤᠨ ᠬᠤᠰᠢᠭᠤᠨ ᠦ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ᠂ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠢᠭᠤᠯᠵᠤ ᠪᠠᠢᠭ᠎ᠠ ᠪᠠᠶᠢᠳᠠᠯ ᠢ ᠪᠥᠬᠦ | ᠲᠠᠯ᠎ᠠ ᠪᠠᠷ ᠤᠢᠯᠭᠠᠪᠠ᠃ ᠮᠦᠢᠩᠬᠡᠪᠠᠭᠠᠲᠤᠷ | ᠴᠢᠬᠤᠯᠠᠴᠢᠯᠠᠭᠰᠠᠨ ᠨᠢ᠂ ᠬᠠᠷᠠᠴᠢᠨ ᠬᠤᠰᠢᠭᠤᠨ ᠤ ᠮᠦᠽᠧᠶ ᠶᠢᠨ ᠬᠢᠨ ᠰᠠᠭᠤᠷᠢ ᠲᠥᠬᠦᠭᠡᠷᠦᠮᠵᠢ ᠶᠢ ᠨᠠᠷᠢᠨ | ᠬᠢᠨᠠᠮᠠᠭᠠᠶ ᠲᠥᠯᠥᠪᠯᠡᠨ ᠲᠡᠭᠦᠯᠳᠡᠷᠵᠢᠭᠦᠯᠵᠦ᠂ ᠬᠥᠭᠵᠢᠯᠲᠡ ᠶᠢᠨ ᠬᠢᠷᠢ ᠲᠦᠪᠰᠢᠨ ᠪᠣᠯᠤᠨ | ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠠᠶᠢᠭᠤᠯᠬᠤ ᠳᠤ ᠡᠯ᠎ᠡ | ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠵᠢᠱᠢᠶ᠎ᠡ ᠦᠵᠡᠭᠦᠯᠬᠦ ᠴᠢᠭ ᠨᠢ | ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠪᠠ ᠭᠤᠤᠯᠳᠠᠯᠭ᠎ᠠ ᠲᠠᠢ ᠠᠵᠢᠯ ᠲᠠᠢ ᠪᠠᠨ | ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ | ᠪᠣᠶ ᠪᠣᠯᠭᠠᠬᠤ ᠡᠨᠡ ᠬᠦ ᠭᠤᠤᠯ ᠰᠢᠵᠢᠮ ᠢ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠭᠦᠨᠵᠡᠭᠡᠶ ᠦᠡᠨᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ | ᠭᠡᠵᠠᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠷᠠᠴᠢᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ | ᠲᠣᠪᠴᠢᠶ᠎ᠠ ᠶᠢᠨ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ᠂ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ᠂ ᠭᠤᠤᠯᠳᠠᠯᠭ᠎ᠠ ᠲᠠᠢ ᠬᠠᠮᠲᠤᠯᠢᠭ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠵᠢᠴᠢ ᠬᠡᠷᠡᠭ ᠢ | ᠳᠠᠭᠠᠭᠠᠨ ᠰᠢᠢᠳᠪᠦᠷᠢᠯᠡᠭᠰᠡᠨ ᠪᠠᠶᠢᠳᠠᠯ ᠢ ᠰᠣᠨᠣᠰᠪᠠ᠃ | ᠮᠦᠩᠬᠡᠪᠠᠭᠠᠲᠤᠷ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ | ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ | ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠭᠦᠨᠵᠡᠭᠡᠢ ᠪᠣᠳᠠᠲᠠᠢ | ᠬᠢᠵᠦ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ︽ᠠᠷᠠᠳ ᠤᠨ ᠲᠥᠯᠥᠭᠡ ᠬᠦᠴᠢᠷ ᠠᠰᠠᠭᠤᠳᠠᠯ ᠢ | ᠰᠢᠢᠳᠪᠦᠷᠢᠯᠡᠵᠦ᠂ ᠨᠠᠮ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ︾ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠬᠦ ᠬᠡᠷᠡᠭᠲᠡᠢ ᠭᠡᠵᠠᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠳᠠᠭᠠᠭᠠᠴᠢᠯᠠᠨ | ᠬᠤᠯᠪᠤᠯᠬᠤ ᠠᠵᠤ ᠠᠬᠤᠶᠢᠯᠠᠯ ᠤᠨ ᠤᠯᠠᠭᠠᠨᠬᠠᠳᠠ ᠶᠢᠨ ᠷᠦᠩ ᠰᠢᠩ ᠲᠠᠩ ᠡᠮ ᠤᠨ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠮᠧᠩ ᠳ᠋ᠦᠩ ᠡᠮ ᠡᠮᠨᠡᠯᠭᠡ ᠶᠢᠨ ᠤᠳᠤ ᠦᠶ᠎ᠡ ᠶᠢᠨ ᠪᠠᠷᠠᠭᠠᠨ ᠤ | ᠭᠦᠢᠯᠭᠡᠭᠡᠨ ᠤ ᠬᠢᠵᠠᠭᠠᠷᠲᠤ ᠺᠣᠮᠫᠠᠨᠢ ᠶᠢ ᠲᠣᠭᠤᠷᠢᠨ ᠦᠵᠡᠵᠡᠢ᠃ ᠮᠦᠩᠬᠡᠪᠠᠭᠠᠲᠤᠷ ᠠᠵᠤ ᠠᠬᠤᠶᠢᠯᠠᠯ ᠤᠨ | ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ | ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠢᠲᠠᠳ ᠮᠣᠩᠭᠤᠯ ᠡᠮ ᠤᠨ | ᠮᠠᠲ᠋ᠧᠷᠢᠶᠠᠯ ᠤᠨ ᠠᠵᠤ ᠦᠢᠯᠡᠰ ᠤᠨ ᠤᠯᠠᠨ ᠠᠴᠠ ᠣᠨᠴᠠᠭᠠᠢ ᠭᠠᠷᠤᠯᠲᠠ ᠶᠢᠨ ᠣᠷᠣᠨ ᠤ ᠳᠠᠪᠠᠭᠤᠯᠢᠭ ᠢ ᠭᠦᠢᠴᠡᠳ | ᠠᠰᠢᠭᠯᠠᠵᠤ᠂ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠪᠣᠯᠤᠨ | ᠥᠪᠡᠷᠮᠢᠴᠡ ᠳᠠᠪᠠᠭᠤᠯᠢᠭ ᠲᠠᠭᠠᠨ ᠲᠦᠰᠢᠭᠯᠡᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠢᠲᠡᠭᠡᠯ ᠢᠶᠠᠨ | ᠪᠠᠲᠤᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠵᠡᠩᠨᠡᠯᠲᠡ ᠪᠠᠨ ᠰᠠᠨᠠᠭ᠎ᠠ | ᠠᠮᠤᠷ ᠬᠥᠭᠵᠢᠭᠦᠯᠬᠦ ᠬᠡᠷᠡᠭᠲᠡᠢ ᠭᠡᠵᠠᠢ᠃ | |