ᠹᠠᠩ ᠷᠦᠢ ᠪᠥᠬᠦ ᠬᠤᠰᠢᠭᠤᠨ ᠤ ᠠᠭᠤᠷᠬᠠᠶ ᠶᠢᠨ ᠠᠵᠤ ᠠᠬᠤᠶ ᠵᠢᠴᠢ ᠰᠢᠵᠢᠷ ᠠᠯᠲᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/12
ᠹᠠᠩ ᠷᠦᠢ ᠪᠥᠬᠦ ᠬᠤᠰᠢᠭᠤᠨ ᠤ ᠠᠭᠤᠷᠬᠠᠶ ᠶᠢᠨ ᠠᠵᠤ ᠠᠬᠤᠶ ᠵᠢᠴᠢ ᠰᠢᠵᠢᠷ ᠠᠯᠲᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ     5 ᠰᠠᠷ᠎ᠠ ᠶᠢᠨ 11 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠥᠬᠦ ᠬᠤᠰᠢᠭᠤᠨ ᠤ ᠠᠭᠤᠷᠬᠠᠶ ᠶᠢᠨ ᠠᠵᠤ ᠠᠬᠤᠶ ᠵᠢᠴᠢ ᠰᠢᠵᠢᠷ ᠠᠯᠲᠠᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠰᠢᠶᠧ ᠶᠦᠨ ᠰᠥᠩ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠨᠥᠬᠦᠳ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃     ᠹᠠᠩ ᠷᠦᠢ ᠵᠢᠭᠠᠵᠤ ᠭᠠᠷᠭᠠᠭᠰᠠᠨ ᠨᠢ᠂ ᠣᠳᠣᠬᠠᠨ ᠳᠤ ᠰᠢᠵᠢᠷ ᠠᠯᠲᠠᠨ ᠤ ᠦᠨ᠎ᠡ ᠥᠰᠬᠦ ᠪᠠᠶᠢᠳᠠᠯ ᠢᠯᠡᠷᠬᠡᠶ ᠪᠠᠶᠢᠵᠤ᠂ ᠰᠢᠵᠢᠷ ᠠᠯᠲᠠᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠷᠬᠡᠪᠰᠢ ᠰᠢᠵᠢᠷ ᠠᠯᠲᠠᠨ ᠤ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠠᠯᠲᠠᠨ ᠤ ᠠᠭᠤᠷᠬᠠᠶ ᠶᠢᠨ ᠡᠬᠢ ᠪᠠᠶᠠᠯᠢᠭ ᠢ ᠴᠢᠨᠠᠷ ᠰᠠᠶᠢᠲᠠᠶ ᠨᠡᠭᠡᠭᠡᠨ ᠬᠥᠭᠵᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠵᠠᠢ᠃     ᠹᠠᠩ ᠷᠦᠢ ᠴᠢᠬᠤᠯᠠᠴᠢᠯᠠᠬᠤ ᠳᠠᠭᠠᠨ᠂ ᠠᠯᠲᠠᠨ ᠤ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠵᠤ᠂ ᠠᠭᠤᠷᠬᠠᠶ ᠶᠢᠨ ᠡᠷᠬᠡ ᠶᠢᠨ ᠲᠣᠬᠢᠷᠠᠭᠤᠯᠤᠯᠲᠠ ᠵᠣᠬᠢᠰ ᠥᠬᠡᠶ᠂ ᠠᠵᠢᠯ ᠡᠬᠢᠯᠡᠭᠦᠯᠬᠦ ᠶᠢᠨ ᠠᠷᠭ᠎ᠠ ᠥᠬᠡᠶ ᠪᠤᠶᠤ ᠦᠢᠯᠡᠳᠪᠦᠷᠢᠯᠡᠯ ᠤᠨ ᠬᠡᠪᠴᠢᠶ᠎ᠡ ᠨᠢ ᠤᠯᠤᠰ ᠤᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ ᠴᠠᠭ ᠲᠤᠬᠠᠶ ᠳᠤᠨᠢ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠢ ᠪᠦᠬᠦᠯᠢ ᠴᠣᠭᠴᠠ ᠪᠠᠷ ᠨᠢ ᠨᠡᠭᠡᠭᠡᠨ ᠠᠰᠢᠭᠯᠠᠬᠤ ᠶᠢ ᠠᠬᠢᠭᠤᠯᠬᠤ ᠬᠡᠷᠡᠭᠲᠡᠶ ᠭᠡᠵᠡᠶ᠃ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠠᠵᠤ ᠠᠬᠤᠶᠢᠯᠠᠯ ᠪᠣᠯᠤᠨ ᠲᠤᠰᠬᠠᠶ ᠠᠵᠢᠯ ᠤᠨ ᠬᠦᠷᠢᠶᠡᠯᠡᠩ ᠭᠠᠵᠠᠷ᠂ ᠪᠦᠯᠬᠦᠮ ᠨᠡᠶᠢᠲᠡ ᠶᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠠᠭᠤᠷᠬᠠᠶ ᠶᠢᠨ ᠭᠠᠷᠤᠯᠲᠠ ᠶᠢᠨ ᠬᠠᠶᠢᠨ ᠰᠢᠨᠵᠢᠯᠡᠯᠲᠡ ᠬᠢᠯᠭᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠨᠡᠮᠡᠭᠳᠡᠭᠦᠯᠬᠦ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠭᠤᠷᠬᠠᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠬᠦ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ᠂ ᠣᠲᠣ ᠶᠢᠨ ᠪᠠᠶᠢᠭ᠎ᠠ ᠡᠬᠢ ᠪᠠᠶᠠᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠠᠷᠠᠯᠵᠢᠶᠠᠴᠢᠨ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠨᠠᠷᠢᠯᠢᠭ ᠭᠦᠨᠵᠡᠭᠡᠶ ᠡᠳ᠋ᠰᠢᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠪᠡᠯᠡ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠠᠢ ᠃     ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠢᠵᠢᠷ ᠠᠯᠲᠠᠨ ᠤ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠠᠵᠤ ᠠᠬᠤᠶᠢᠯᠠᠯ ᠤᠨ ᠲᠥᠯᠥᠭᠡᠯᠡᠭᠴᠢᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠥᠭᠵᠢᠯᠲᠡ ᠶᠢᠨ ᠰᠠᠨᠠᠭᠤᠯᠭ᠎ᠠ ᠳᠤᠷᠠᠳᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号