ᠰᠢ ᠶᠢᠨ ᠫᠢᠩ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠪᠥᠭᠡᠳ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠢᠲᠡᠭᠡᠯ ᠵᠣᠷᠢᠭ ᠢᠶᠠᠨ ᠪᠠᠲᠤᠳᠬᠠᠵᠤ ᠲᠣᠭᠲᠠᠯ ᠬᠦᠴᠦᠨ ᠢᠶᠠᠨ ᠪᠠᠲᠤᠯᠠᠵᠤ ᠯᠠᠪᠳᠠᠭᠤᠨ ᠴᠢᠳᠠᠮᠠᠭᠠᠢ ᠪᠦᠲᠦᠭᠡᠯᠴᠢ ᠪᠠᠷ ᠠᠵᠢᠯᠯᠠᠵᠤ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠰᠢᠨ᠎ᠡ  ᠪᠠᠷ ᠠᠬᠢᠭᠤᠯᠬᠤ ᠬᠡᠷᠡᠭᠲᠡᠢ  ᠯᠢ ᠴᠢᠶᠠᠩ    ᠼᠠᠢ ᠴᠢ    ᠳ᠋ᠢᠩ ᠰᠢᠤᠸᠠᠢ ᠰᠢᠶᠠᠩ  ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/5/12

ᠰᠢ ᠶᠢᠨ ᠫᠢᠩ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠪᠥᠭᠡᠳ ᠰᠢᠶᠦ᠋ᠩ ᠠᠨ

ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ

ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠢᠲᠡᠭᠡᠯ ᠵᠣᠷᠢᠭ ᠢᠶᠠᠨ ᠪᠠᠲᠤᠳᠬᠠᠵᠤ ᠲᠣᠭᠲᠠᠯ

ᠬᠦᠴᠦᠨ ᠢᠶᠠᠨ ᠪᠠᠲᠤᠯᠠᠵᠤ ᠯᠠᠪᠳᠠᠭᠤᠨ ᠴᠢᠳᠠᠮᠠᠭᠠᠢ ᠪᠦᠲᠦᠭᠡᠯᠴᠢ ᠪᠠᠷ ᠠᠵᠢᠯᠯᠠᠵᠤ ᠰᠢᠶᠦ᠋ᠩ ᠠᠨ ᠰᠢᠨ᠎ᠡ ᠲᠣᠭᠤᠷᠢᠭ ᠤᠨ

ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠰᠢᠨ᠎ᠡ ᠪᠠᠷ ᠠᠬᠢᠭᠤᠯᠬᠤ ᠬᠡᠷᠡᠭᠲᠡᠢ   ᠯᠢ ᠴᠢᠶᠠᠩ    ᠼᠠᠢ ᠴᠢ   

ᠳ᠋ᠢᠩ ᠰᠢᠤᠸᠠᠢ ᠰᠢᠶᠠᠩ  ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ

      ᠰᠢᠨᠬᠤᠸᠠ ᠬᠤᠷᠢᠶ᠎ᠠ ᠶᠢᠨ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠤᠨ 5 ᠰᠠᠷ᠎ᠠ ᠶᠢᠨ 10 ᠤ ᠴᠠᠬᠢᠯᠭᠠᠨ

ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 10 ᠤ ᠡᠳᠦᠷ ᠾᠧᠪᠧᠢ ᠮᠤᠵᠢ ᠶᠢᠨ ᠰᠢᠶᠦ᠋ᠩ ᠠᠨ ᠰᠢᠨ᠎ᠡ

ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ

ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ

ᠶᠠᠷᠢᠶ᠎ᠠ ᠲᠠᠯᠪᠢᠪᠠ᠃ ᠲᠡᠷᠡ᠂ ᠰᠢᠶᠦ᠋ᠩ ᠠᠨ ᠰᠢᠨ᠎ᠡ ᠲᠣᠭᠤᠷᠢᠭ ᠨᠢᠭᠡᠨᠲᠡ ᠶᠡᠭᠡ ᠬᠡᠪᠴᠢᠶ᠎ᠡ ᠪᠠᠷ ᠪᠦᠲᠦᠭᠡᠨ ᠪᠠᠶᠢᠭᠤᠯᠬᠤ

ᠬᠢᠭᠡᠳ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠣᠬᠢᠴᠠᠭᠤᠯᠤᠨ ᠰᠢᠢᠳᠪᠦᠷᠢᠯᠡᠬᠦ ᠶᠢ ᠵᠣᠯᠭᠠᠭᠤᠯᠬᠤ ᠶᠢ ᠵᠡᠷᠭᠡ ᠪᠠᠷ

ᠴᠢᠬᠤᠯᠠᠴᠢᠯᠠᠬᠤ ᠱᠠᠲᠤᠨ ᠳᠤ ᠣᠷᠣᠵᠤ᠂ ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ᠂

ᠥᠨᠳᠥᠷ ᠲᠦᠪᠰᠢᠨ ᠪᠦᠬᠦᠢ ᠬᠠᠮᠢᠶᠠᠷᠤᠯᠲᠠ᠂ ᠴᠢᠨᠠᠷ ᠰᠠᠶᠢᠲᠠᠢ ᠵᠣᠬᠢᠴᠠᠭᠤᠯᠤᠨ ᠰᠢᠢᠳᠪᠦᠷᠢᠯᠡᠬᠦ  ᠬᠥᠭᠵᠢᠯᠲᠡ ᠶᠢ ᠵᠡᠷᠭᠡ ᠪᠠᠷ

ᠴᠢᠬᠤᠯᠠᠴᠢᠯᠠᠬᠤ ᠲᠡᠶᠢᠰᠢ ᠰᠢᠯᠵᠢᠪᠡ᠃ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂

ᠯᠠᠪᠳᠠᠭᠤᠨ ᠴᠢᠳᠠᠮᠠᠭᠠᠢ ᠪᠦᠲᠦᠭᠡᠯᠴᠢ ᠪᠠᠷ ᠠᠵᠢᠯᠯᠠᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ

ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ

ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ

ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ

ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ

ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ

ᠬᠤᠷᠠᠯ ᠳᠤ ᠣᠷᠣᠯᠴᠠᠵᠠᠢ᠃

      5 ᠰᠠᠷ᠎ᠠ ᠶᠢᠨ 10  ᠤ ᠡᠳᠦᠷ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ

ᠹᠧᠩ᠂ ᠮᠤᠵᠢ ᠶᠢᠨ ᠳᠠᠷᠤᠭ᠎ᠠ ᠸᠠᠩ ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ᠂ ᠰᠢᠶᠦ᠋ᠩ ᠠᠨ ᠰᠢᠨ᠎ᠡ ᠲᠣᠭᠤᠷᠢᠭ ᠤᠨ

ᠲᠦᠷᠭᠡᠨ ᠤ ᠲᠡᠮᠦᠷ ᠵᠠᠮ ᠤᠨ ᠥᠷᠲᠡᠭᠡ᠂ ᠨᠡᠶᠢᠭᠡᠮ ᠲᠣᠭᠤᠷᠢᠭ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ

ᠵᠡᠷᠭᠡ ᠪᠠᠷ ᠭᠦᠨᠵᠡᠭᠡᠶᠢᠷᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ

ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃

      ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠲᠦᠷᠭᠡᠨ ᠤ ᠲᠡᠮᠦᠷ ᠵᠠᠮ ᠢᠶᠠᠷ ᠰᠢᠶᠦ᠋ᠩ ᠠᠨ ᠰᠢᠨ᠎ᠡ

ᠲᠣᠭᠤᠷᠢᠭ ᠲᠤ ᠬᠦᠷᠴᠦ᠂ ᠭᠦᠷᠦᠭᠰᠡᠨ ᠤ ᠳᠠᠷᠠᠭ᠎ᠠ ᠡᠩ ᠲᠡᠷᠢᠭᠦᠨ ᠳᠤ ᠰᠢᠶᠦ᠋ᠩ ᠠᠨ ᠥᠷᠲᠡᠭᠡ ᠶᠢᠨ ᠪᠦᠲᠦᠭᠡᠨ

ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ᠃ ᠰᠢᠶᠦ᠋ᠩ ᠠᠨ ᠦᠷᠳᠡᠭᠡ ᠪᠣᠯ ᠰᠢᠶᠦ᠋ᠩ ᠠᠨ

ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ

ᠵᠦᠢᠯ ᠮᠥᠨ ᠪᠠᠶᠢᠵᠤ ᠂ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠰᠢ ᠶᠢᠨ ᠫᠢᠩ ᠤᠷᠢᠳ

ᠬᠤᠵᠢᠳ ᠥᠷᠲᠡᠭᠡᠨ ᠤ ᠵᠣᠭᠰᠣᠭᠠᠯ᠂ ᠲᠡᠷᠭᠡ ᠬᠦᠯᠢᠶᠡᠬᠦ ᠲᠢᠩᠬᠢᠮ᠂ ᠥᠷᠲᠡᠭᠡᠨ ᠤ ᠭᠠᠳᠠᠨᠠᠬᠢ ᠠᠭᠤᠳᠠᠮ ᠲᠠᠯᠠᠪᠠᠢ ᠶᠢ

ᠪᠠᠶᠢᠴᠠᠭᠠᠨ ᠦᠵᠡᠵᠦ᠂ ᠰᠢᠶᠦ᠋ᠩ ᠠᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠪᠣᠯᠣᠨ ᠪᠠᠶᠢᠭ᠎ᠠ ᠽᠠᠨ

ᠭᠠᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂

ᠰᠢᠶᠦ᠋ᠩ ᠠᠨ ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠠᠭᠤᠯᠵᠠᠷ ᠲᠡᠷᠭᠡᠨ ᠦᠷᠳᠡᠭᠡ ᠪᠣᠯᠣᠨ᠎ᠠ᠂ ᠰᠢᠶᠦ᠋ᠩ

ᠠᠨ ᠦᠷᠳᠡᠭᠡ ᠪᠣᠯᠣᠨ ᠰᠢᠶᠦ᠋ᠩ ᠠᠨ ᠰᠢᠨ᠎ᠡ ᠲᠣᠭᠤᠷᠢᠭ ᠢ ᠬᠤᠯᠪᠣᠨ ᠨᠡᠪᠲᠡᠷᠡᠭᠦᠯᠬᠦ ᠵᠠᠮ ᠬᠠᠷᠢᠯᠴᠠᠭᠠᠨ ᠤ ︽ᠨᠠᠷᠢᠨ

ᠴᠢᠰᠤᠨ ᠰᠤᠳᠠᠯ︾ ᠢ ᠴᠢᠨᠠᠭᠰᠢᠳᠠ ᠲᠡᠭᠦᠯᠳᠡᠷᠵᠢᠭᠦᠯᠵᠦ᠂ ᠬᠥᠮᠥᠨ ᠤ ᠤᠷᠤᠰᠬᠠᠯ ᠪᠠᠷᠠᠭᠠᠨ ᠤ ᠭᠦᠢᠯᠭᠡᠭᠡ ᠶᠢᠨ ᠲᠥᠪᠯᠡᠷᠡᠬᠦ

ᠪᠠ ᠲᠠᠷᠬᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠽᠠᠨ ᠭᠠᠩ ᠲᠣᠭᠤᠷᠢᠭ ᠢ ᠳᠡᠭᠡᠳᠦ ᠲᠡᠰ ᠤᠨ ᠳᠡᠭᠡᠳᠦ

ᠰᠢᠨ᠎ᠡ ᠠᠵᠤ ᠦᠢᠯᠡᠰ ᠤᠨ ᠲᠥᠪᠯᠡᠷᠡᠭᠰᠡᠨ ᠣᠷᠣᠨ ᠪᠣᠯᠭᠠᠨ ᠪᠦᠲᠦᠭᠡᠨ ᠪᠠᠶᠢᠭᠤᠯᠵᠤ᠂ ᠡᠯ᠎ᠡ ᠲᠠᠯ᠎ᠠ ᠶᠢᠨ ᠵᠣᠴᠢᠳ ᠲᠤ

ᠰᠢᠶᠦ᠋ᠩ ᠠᠨ ᠳᠤ ᠢᠷᠡᠮᠡᠭᠴᠡ ᠰᠢᠶᠦ᠋ᠩ ᠠᠨ ᠰᠢᠨ᠎ᠡ ᠲᠣᠭᠤᠷᠢᠭ ᠤᠨ ᠰᠦᠷ ᠳᠠᠯᠠᠶᠢᠴᠠᠲᠠᠢ ᠣᠳᠣᠬᠢᠴᠢᠯᠠᠯᠲᠠ ᠶᠢᠨ ᠰᠢᠨ᠎ᠡ

ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ ᠳᠠᠷᠠᠭ᠎ᠠ ᠨᠢ ᠲᠡᠷᠭᠡᠨ ᠳᠤ ᠰᠠᠭᠤᠵᠤ ᠷᠦᠩᠳᠦ᠋ᠩ ᠲᠣᠭᠤᠷᠢᠭ ᠤᠨ ᠨᠠᠨ ᠸᠧᠨ ᠶᠢᠩ ᠨᠡᠶᠢᠭᠡᠮ

ᠲᠣᠭᠤᠷᠢᠭ ᠲᠤ ᠭᠦᠷᠪᠡ᠃ ᠲᠣᠰ ᠨᠡᠶᠢᠭᠡᠮ ᠲᠣᠭᠤᠷᠢᠭ ᠠᠨ ᠰᠢᠨ᠂ ᠷᠦᠩ ᠴᠧᠩ ᠬᠤᠶᠠᠷ ᠰᠢᠶᠠᠨ ᠤ 5000 ᠭᠠᠷᠤᠢ

ᠪᠤᠴᠠᠭᠠᠨ ᠨᠡᠭᠦᠯᠭᠡᠭᠰᠡᠨ ᠠᠷᠠᠳ ᠢ ᠲᠥᠪᠬᠢᠨᠡᠭᠦᠯᠪᠡ᠃ ᠰᠢ ᠶᠢᠨ ᠫᠢᠩ ᠤᠷᠢᠳ ᠬᠤᠵᠢᠳ ᠨᠠᠮ ᠤᠯᠠᠨ ᠲᠦᠮᠡᠨ ᠤ

ᠦᠢᠯᠡᠴᠢᠯᠡᠭᠡᠨ ᠤ ᠲᠥᠪ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠲᠠᠩᠬᠢᠮ ᠳᠤ ᠬᠦᠷᠴᠦ᠂ ᠨᠡᠶᠢᠭᠡᠮ ᠲᠣᠭᠤᠷᠢᠭ ᠤᠨ

ᠠᠵᠢᠯᠲᠠᠨ᠂ ᠲᠤᠬᠠᠢ ᠶᠢᠨ ᠲᠠᠯᠠᠪᠠᠢ ᠳᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠤᠯᠠᠨ ᠲᠦᠮᠡᠨ᠂ ᠬᠤᠭᠤᠯᠠ ᠢᠳᠡᠵᠦ

ᠪᠠᠶᠢᠭ᠎ᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠠᠷᠠᠳ ᠤᠨ ᠪᠠᠶᠢᠳᠠᠯ ᠤᠨ ᠡᠬᠡ

ᠲᠠᠩᠰᠠ ᠶᠢ ᠨᠠᠷᠢᠨ ᠦᠵᠡᠵᠦ᠂ ᠨᠡᠶᠢᠭᠡᠮ ᠲᠣᠭᠤᠷᠢᠭ ᠤᠨ ᠥᠷᠨᠢᠭᠦᠯᠦᠭᠰᠡᠨ ᠠᠷᠠᠳ ᠲᠤ ᠲᠦᠭᠦᠮ ᠦᠵᠡᠭᠦᠯᠭᠦ

ᠨᠠᠰᠤᠵᠢᠯ ᠤᠨ ᠦᠢᠯᠡᠴᠢᠯᠡᠭᠡ ᠵᠡᠷᠭᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠪᠢ ᠪᠤᠴᠠᠭᠠᠨ

ᠨᠡᠭᠦᠯᠭᠡᠭᠰᠡᠨ ᠤᠯᠠᠨ ᠲᠦᠮᠡᠨ ᠤ ᠲᠥᠯᠥᠭᠡ ᠰᠠᠨᠠᠭᠠᠰᠢᠷᠠᠭᠰᠠᠭᠠᠷ ᠢᠷᠡᠵᠠᠢ᠂ ᠤᠯᠠᠨ ᠤ ᠠᠮᠢᠳᠤᠷᠠᠯ ᠰᠠᠶᠢᠨ ᠪᠠᠶᠢᠬᠤ ᠶᠢ

ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠰᠢᠶᠦ᠋ᠩ ᠠᠨ ᠰᠢᠨ᠎ᠡ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠳᠤ᠂

ᠴᠢᠬᠤᠯᠠ ᠨᠢ ᠠᠮᠤᠷ ᠠᠮᠤᠭᠤᠯᠠᠩ ᠣᠷᠣᠨ ᠰᠠᠭᠤᠴᠠ ᠪᠠ ᠪᠠᠶᠠᠷ ᠪᠠᠶᠠᠰᠤᠯ ᠲᠠᠢ ᠠᠵᠤ ᠳᠦᠷᠦᠭᠦ ᠶᠢ ᠵᠤᠯᠭᠠᠯᠴᠠᠭᠤᠯᠵᠦ᠂

ᠤᠯᠠᠨ ᠲᠦᠮᠡᠨ ᠢ ᠲᠣᠭᠲᠠᠭᠤᠨ ᠰᠠᠭᠤᠷᠢᠰᠢᠭᠤᠯᠵᠤ ᠂ ᠠᠮᠤᠷ ᠲᠠᠶᠢᠪᠤᠩ ᠠᠮᠢᠳᠤᠷᠠᠭᠤᠯᠵᠤ᠂ ᠬᠦᠰᠡᠯ ᠡᠷᠡᠮᠡᠯᠵᠡᠯ ᠲᠠᠢ

ᠪᠣᠯᠭᠠᠬᠤ ᠶᠠᠪᠤᠳᠠᠯ ᠪᠣᠯᠣᠨ᠎ᠠ᠃ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠵᠡᠷᠭᠡ ᠪᠠᠷ ᠠᠬᠢᠭᠤᠯᠵᠤ ᠂

ᠡᠬᠢᠯᠡᠩᠭᠦᠲᠡ ᠪᠠᠨ ︽ᠬᠠᠳᠬᠤᠮᠠᠯ ᠬᠠᠳᠬᠤᠬᠤ︾ ᠬᠦᠴᠦ ᠶᠢ ᠣᠷᠣᠭᠤᠯᠵᠤ᠂ ᠦᠨᠳᠦᠰᠦᠨ ᠤᠯᠠᠨ ᠨᠡᠶᠢᠲᠡ ᠶᠢᠨ

ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠵᠢᠯᠯᠠᠵᠤ

ᠠᠮᠢᠳᠤᠷᠠᠬᠤ ᠳᠤ ᠲᠣᠬᠢᠷᠠᠮᠵᠢᠲᠠᠢ ︽ᠠᠷᠠᠳ ᠤᠨ ᠬᠤᠳᠠ︾ ᠶᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠯᠢ ᠵᠢᠩ ᠾᠧ ᠶᠢᠨ ᠭᠡᠷ ᠲᠤ ᠬᠦᠷᠴᠦ ᠪᠣᠯᠭᠤᠭᠠᠨ

ᠦᠵᠡᠪᠡ᠃ ᠯᠢ ᠵᠢᠩ ᠾᠧ ᠶᠡᠷᠦᠩᠬᠡᠢ ᠱᠦᠵᠢ ᠳᠤ᠂ 2021 ᠣᠨ ᠤ 11 ᠰᠠᠷ᠎ᠠ ᠳᠤ ᠰᠢᠨ᠎ᠡ ᠣᠷᠣᠨ ᠰᠠᠭᠤᠴᠠ ᠳᠤ

ᠨᠡᠭᠦᠨ ᠣᠷᠣᠵᠤ᠂ ᠭᠡᠷ ᠪᠠᠶᠢᠰᠢᠩ ᠠᠭᠤᠵᠢᠮ ᠰᠠᠷᠠᠭᠤᠯ᠂ ᠰᠠᠭᠤᠬᠤ ᠳᠤ ᠲᠤᠶᠢᠯ ᠤᠨ ᠲᠠᠭᠠᠯᠠᠮᠵᠢᠲᠠᠢ ᠪᠠᠶᠢᠵᠤ ᠂ ᠠᠮᠢᠳᠤᠷᠠᠯ

ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠪᠡ᠃ ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ

ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ

ᠪᠣᠳᠣᠯᠭ᠎ᠠ ᠮᠥᠨ᠂ ᠤᠯᠠᠨ ᠢᠶᠠᠷ ᠢᠶᠠᠨ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ᠂ ᠢᠳᠡᠪᠬᠢᠲᠡᠢ ᠬᠠᠮᠵᠢᠯᠴᠠᠵᠤ᠂

ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠤᠪᠢ ᠨᠡᠮᠡᠷᠢ ᠦᠵᠡᠭᠦᠯᠵᠡᠢ ᠭᠡᠵᠦ ᠴᠢᠬᠤᠯᠠᠴᠢᠯᠠᠪᠠ᠃ ᠲᠡᠷᠡ

ᠵᠠᠯᠠᠭᠤ ᠨᠢᠭᠡ ᠦᠶ᠎ᠡ ᠶᠢᠨ ᠬᠢᠨ ᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ

ᠰᠡᠷᠭᠦᠨ ᠮᠠᠨᠳᠤᠯᠲᠠ ᠶᠢᠨ ᠠᠬᠢᠴᠠ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ᠂ ᠡᠷᠳᠡᠮ ᠴᠢᠳᠠᠪᠤᠷᠢ ᠶᠢ ᠰᠠᠶᠢᠲᠤᠷ

ᠰᠤᠷᠤᠯᠴᠠᠵᠤ᠂ ᠨᠤᠲᠤᠭ ᠤᠰᠤᠨ ᠳᠠᠭᠠᠨ ᠪᠤᠶᠠᠨ ᠦᠢᠯᠡᠳᠴᠦ᠂ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ

ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠣᠭᠠᠷᠠᠢ ᠭᠡᠵᠦ ᠵᠣᠷᠢᠭᠵᠢᠭᠤᠯᠪᠠ᠃

      ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ︽ᠶᠡᠷᠦᠩᠬᠡᠢ ᠱᠦᠵᠢ ᠰᠠᠶᠢᠨ︾ ᠭᠡᠵᠦ ᠥᠨᠳᠥᠷ ᠲᠠᠭᠤᠨ ᠢᠶᠠᠷ

ᠬᠠᠰᠬᠢᠷᠤᠨ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠯ ᠳᠡᠪᠰᠢᠭᠦᠯᠪᠡ᠃ ᠲᠡᠷᠡ ᠭᠦᠨ

ᠰᠡᠳᠬᠢᠯᠭᠡ ᠲᠠᠢ ᠪᠠᠷ ᠤᠯᠠᠨ ᠳᠤ᠂ ᠾᠧᠪᠧᠢ ᠪᠣᠯ ᠮᠢᠨᠤ ᠠᠵᠢᠯᠯᠠᠵᠤ ᠥᠩᠭᠡᠷᠡᠭᠰᠡᠨ ᠭᠠᠵᠠᠷ᠂ ᠪᠢ ᠠᠳᠡ ᠬᠠᠶᠢᠷ᠎ᠠ

ᠰᠡᠳᠬᠢᠯᠭᠡ ᠲᠠᠢ᠂ ᠠᠳᠡᠬᠢ ᠶᠢ ᠰᠠᠶᠢᠲᠤᠷ ᠪᠦᠲᠦᠭᠡᠨ ᠪᠠᠶᠢᠭᠤᠯᠬᠤ ᠪᠣᠯ ᠮᠢᠨᠤ ᠬᠦᠰᠡᠯ ᠡᠷᠡᠮᠡᠯᠵᠡᠯ ᠮᠥᠨ᠃ ᠰᠢᠶᠦ᠋ᠩ ᠠᠨ

ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠣᠯ ᠮᠢᠩᠭᠠᠨ ᠣᠨ ᠤ ᠶᠡᠭᠡ ᠪᠣᠳᠣᠯᠭ᠎ᠠ᠂ ᠤᠯᠤᠰ ᠤᠨ ᠶᠡᠭᠡ ᠶᠠᠪᠤᠳᠠᠯ ᠮᠥᠨ᠂

ᠭᠦᠪᠰᠦᠷᠭᠡᠵᠤ ᠬᠥᠭᠡᠷᠴᠦ ᠪᠣᠯᠬᠤ ᠦᠭᠡᠢ᠂ ᠬᠦᠯᠢᠶᠡᠵᠦ ᠲᠦᠰᠢᠵᠦ ᠠᠪᠴᠤ ᠪᠣᠯᠬᠤ ᠦᠭᠡᠢ᠂ ᠯᠠᠪᠳᠠᠭᠤᠨ ᠪᠠᠲᠤᠲᠠᠢ ᠪᠠᠷ

ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠬᠦ ᠬᠡᠷᠡᠭᠲᠡᠢ ᠭᠡᠪᠡ᠃

      ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠶᠢᠨ ᠬᠦᠢᠰᠦ ᠪᠠᠷᠢᠯᠭ᠎ᠠ ᠨᠢ ᠰᠢᠶᠦ᠋ᠩ ᠠᠨ ᠰᠢᠨ᠎ᠡ

ᠲᠣᠭᠤᠷᠢᠭ ᠤᠨ ᠡᠬᠢᠯᠡᠭᠦᠯᠬᠦ  ᠣᠷᠣᠨ  ᠤ  ᠭᠤᠣᠯ  ᠪᠠᠶᠢᠷᠢᠨ ᠳᠤ  ᠪᠤᠢ᠃ ᠰᠢ ᠶᠢᠨ ᠫᠢᠩ ᠰᠢᠶᠦ᠋ᠩ ᠠᠨ ᠤ  ᠬᠤᠳᠠ ᠶᠢᠨ 

ᠬᠤᠭᠤᠷᠣᠨᠳᠣᠭᠢ ᠦᠷᠳᠡᠭᠡ ᠵᠢᠴᠢ ᠤᠯᠠᠨ ᠤᠯᠤᠰ ᠤᠨ ᠠᠷᠠᠯᠵᠢᠶᠠᠨ ᠤ ᠲᠥᠪ ᠤᠨ ᠲᠦᠷᠤᠯ ᠵᠦᠢᠯ ᠤᠨ ᠪᠦᠲᠦᠭᠡᠨ

ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦᠨ ᠴᠠᠷᠠᠭ᠎ᠠ ᠶᠢ ᠦᠵᠡᠵᠦ᠂ ᠲᠠᠭᠲᠤ ᠳᠤ ᠭᠠᠷᠴᠤ᠂

ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠪᠠᠷᠠᠯᠠᠵᠤ᠂ ᠡᠬᠢᠯᠡᠭᠦᠯᠬᠦ ᠣᠷᠣᠨ ᠤ ᠴᠢᠬᠤᠯᠠ ᠶᠡᠭᠡ ᠰᠠᠭᠤᠷᠢ

ᠲᠥᠬᠦᠭᠡᠷᠦᠮᠵᠢ ᠶᠢᠨ ᠲᠦᠷᠤᠯ ᠵᠦᠢᠯ ᠵᠢᠴᠢ ᠭᠤᠣᠯᠳᠠᠯᠭ᠎ᠠ ᠲᠠᠢ ᠲᠠᠷᠬᠠᠭᠠᠨ ᠵᠣᠬᠢᠴᠠᠭᠤᠯᠬᠤ ᠲᠦᠷᠤᠯ ᠵᠦᠢᠯ ᠤᠨ

ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠵᠠᠮ

ᠬᠠᠷᠢᠯᠴᠠᠭ᠎ᠠ ᠪᠣᠯ ᠤᠳᠤ ᠦᠶ᠎ᠡ ᠶᠢᠨ ᠬᠤᠳᠠ ᠶᠢᠨ ᠴᠢᠰᠤᠨ ᠰᠤᠳᠠᠯ ᠮᠥᠨ᠃ ᠴᠢᠰᠤᠨ ᠰᠤᠳᠠᠯ ᠰᠠᠭᠠᠳ ᠦᠭᠡᠢ

ᠨᠡᠪᠲᠡᠷᠡᠪᠡᠯ ᠬᠤᠲᠠ ᠨᠢ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ

ᠬᠠᠷᠢᠯᠴᠠᠭᠠᠨ ᠤ ᠲᠣᠣᠷ ᠢ ᠪᠦᠲᠦᠭᠡᠨ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠭᠠᠵᠠᠷ ᠳᠣᠣᠷᠠᠬᠢ ᠣᠷᠣᠨ ᠵᠠᠢ ᠶᠢ

ᠭᠦᠢᠴᠡᠳ ᠠᠰᠢᠭᠯᠠᠬᠤ ᠳᠡᠭᠡᠷ᠎ᠡ ᠬᠦᠴᠦ ᠲᠠᠯᠪᠢᠵᠤ᠂ ︽ᠬᠤᠳᠠ ᠶᠢᠨ ᠡᠪᠡᠳᠴᠢᠨ︾ ᠦᠭᠡᠢ ᠢᠷᠡᠭᠡᠳᠦᠢ ᠶᠢᠨ ᠬᠤᠳᠠ ᠶᠢ

ᠬᠦᠴᠦᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠬᠤᠳᠠ ᠶᠢᠨ ᠲᠥᠯᠦᠪᠵᠢᠭᠦᠯᠭᠡ ᠶᠢᠨ ᠠᠤᠭ᠎ᠠ ᠲᠥᠰᠥᠪ ᠢ ᠦᠨᠡᠨ ᠬᠦ

ᠴᠢᠨᠠᠷ ᠰᠠᠶᠢᠲᠠᠢ ᠬᠤᠳᠠ ᠶᠢᠨ ᠬᠥᠭᠵᠢᠯᠲᠡ ᠶᠢᠨ ᠪᠣᠳᠠᠲᠤ ᠦᠵᠡᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ

ᠭᠠᠷᠭᠠᠪᠠ᠃

      ᠦᠳᠡ ᠶᠢᠨ ᠬᠤᠶᠢᠨ᠎ᠠ᠂ ᠰᠢ ᠶᠢᠨ ᠫᠢᠩ ᠰᠢᠶᠦ᠋ᠩ ᠠᠨ ᠤ ᠬᠤᠷᠠᠯ ᠦᠵᠡᠰᠬᠦᠯᠡᠩ ᠤᠨ ᠲᠥᠪ ᠤᠨ ᠰᠢᠶᠦ᠋ᠩ ᠠᠨ

ᠲᠢᠩᠬᠢᠮ ᠳᠤ ᠬᠦᠷᠴᠦ᠂ ᠡᠯᠡᠰᠦᠨ ᠴᠠᠷ᠎ᠠ᠂ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ᠂ ᠰᠢᠶᠦ᠋ᠩ ᠠᠨ ᠰᠢᠨ᠎ᠡ

ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ

ᠲᠠᠨᠢᠯᠴᠠᠭᠤᠯᠭ᠎ᠠ ᠶᠢ ᠰᠣᠨᠣᠰᠴᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ

ᠵᠢᠴᠢ ᠬᠤᠷᠠᠭᠰᠠᠨ ᠰᠢᠪᠠᠷ ᠢ ᠴᠡᠪᠡᠷᠯᠡᠨ ᠯᠠᠶᠢᠳᠠᠬᠤ᠂ ᠪᠠᠢ ᠶᠠᠩ ᠳ᠋ᠢᠶᠠᠨ ᠤ ᠳᠣᠲᠣᠭᠠᠳᠤ ᠤᠰᠤᠨ ᠵᠠᠮ ᠤᠨ ᠨᠡᠪᠲᠡᠷᠡᠯᠴᠡᠭᠡ

ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ

ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ ᠠᠰᠢᠭ

ᠬᠦᠷᠲᠡᠭᠡᠬᠦ ᠤᠴᠢᠷ ᠠᠴᠠ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠯᠠᠪᠳᠠᠭᠤᠨ ᠪᠠᠲᠤᠲᠠᠢ ᠠᠬᠢᠭᠤᠯᠬᠤ

ᠬᠡᠷᠡᠭᠲᠡᠢ ᠭᠡᠵᠦ ᠴᠢᠬᠤᠯᠠᠴᠢᠯᠠᠪᠠ᠃

      ᠲᠠᠷᠠᠭ᠎ᠠ ᠨᠢ᠂ ᠰᠢ ᠶᠢᠨ ᠫᠢᠩ ᠬᠤᠷᠠᠯ ᠦᠵᠡᠰᠬᠦᠯᠡᠩ ᠤᠨ ᠲᠥᠪ ᠤᠨ ᠭᠤᠷᠪᠠᠳᠤᠭᠠᠷ ᠳᠠᠪᠬᠤᠷᠭ᠎ᠠ ᠶᠢᠨ ᠤᠯᠠᠨ

ᠴᠢᠳᠠᠪᠬᠢᠲᠤ ᠲᠢᠩᠬᠢᠮ ᠳᠤ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ

ᠴᠢᠨᠠᠷ ᠰᠠᠶᠢᠲᠠᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠤᠯᠤᠰ ᠤᠨ ᠬᠥᠭᠵᠢᠭᠦᠯᠦᠯᠲᠡ

ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ

ᠱᠦᠵᠢ ᠨᠢ ᠶᠤᠸᠠᠢ ᠹᠧᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ

ᠭᠦᠸᠧ ᠬᠤᠸᠠ ᠤᠷᠢᠳ ᠬᠤᠵᠢᠳ ᠦᠭᠡ ᠬᠡᠯᠡᠵᠡᠢ᠃ ᠳᠤᠮᠳᠠᠳᠤ ᠤᠯᠤᠰ ᠤᠨ ᠳᠠᠭᠠᠭᠤᠯᠢ ᠤᠳᠤᠨ ᠤ ᠰᠦᠯᠵᠢᠶᠡᠨ ᠤ

ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ

ᠭᠤᠣᠯ ᠬᠠᠷᠢᠭᠤᠴᠠᠯᠭᠠᠲᠠᠨ ᠪᠢᠴᠢᠭ ᠢᠶᠠᠷ ᠦᠭᠡ ᠬᠡᠯᠡᠪᠡ᠃

      ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ

ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ

ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ᠂ ᠾᠧᠪᠧᠢ ᠮᠤᠵᠢ ᠭᠤᠣᠯ ᠴᠣᠭᠴᠠ ᠶᠢᠨ

ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ

ᠪᠠ ᠬᠠᠮᠢᠶᠠᠷᠤᠯᠲᠠ ᠶᠢᠨ ᠵᠥᠪᠯᠡᠯ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ

ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ

ᠪᠠᠶᠢᠭᠤᠯᠤᠯᠲᠠ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠰᠢᠨ᠎ᠡ ᠲᠣᠭᠤᠷᠢᠭ ᠤᠨ ᠪᠦᠲᠦᠭᠡᠨ

ᠪᠠᠶᠢᠭᠤᠯᠤᠯᠲᠠ ᠪᠠ ᠬᠥᠭᠵᠢᠯᠲᠡ ᠶᠢᠨ ᠦᠵᠦ ᠲᠥᠯᠥᠪᠯᠡᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠰᠠᠭᠤᠷᠢ

ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠣᠯᠵᠤ᠂ ᠪᠡᠭᠡᠵᠢᠩ ᠤᠨ ᠨᠡᠶᠢᠰᠯᠡᠯ ᠤᠨ

ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠠᠵᠢᠯ ᠠᠩᠬ᠎ᠠ ᠠᠯᠬᠤᠮ ᠦᠷ᠎ᠡ ᠪᠦᠲᠦᠮᠵᠢ ᠣᠯᠵᠤ᠂ ᠪᠠᠢ ᠶᠠᠩ ᠳ᠋ᠢᠶᠠᠨ ᠤ

ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠨᠡᠭᠡᠭᠡᠯᠲᠡ ᠶᠢ

ᠭᠦᠨᠵᠡᠭᠡᠶᠢᠷᠡᠭᠦᠯᠬᠦ ᠠᠵᠢᠯ ᠢᠳᠡᠪᠬᠢᠲᠡᠢ ᠠᠬᠢᠯᠲᠠ ᠲᠠᠢ ᠪᠣᠯᠵᠤ᠂ ᠠᠵᠤ ᠦᠢᠯᠡᠰ ᠪᠠ ᠰᠢᠨ᠎ᠡ ᠶᠢ ᠡᠭᠦᠳᠬᠦ ᠡᠯᠧᠮᠧᠨ᠋ᠲ ᠤᠨ

ᠲᠥᠪᠯᠡᠷᠡᠯ ᠤᠨ ᠨᠥᠬᠦᠴᠡᠯ ᠠᠯᠬᠤᠮ ᠠᠯᠬᠤᠮ ᠢᠶᠠᠷ ᠲᠡᠭᠦᠯᠳᠡᠷᠵᠢᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠵᠢᠯ ᠢ ᠡᠮᠬᠢ

ᠵᠢᠷᠤᠮ ᠲᠠᠢ ᠪᠠᠷ ᠠᠬᠢᠭᠤᠯᠪᠠ᠃ ᠣᠬᠤᠷᠬᠠᠨ 6 ᠵᠢᠯ ᠳᠤ᠂ ᠰᠢᠶᠦ᠋ᠩ ᠠᠨ ᠰᠢᠨ᠎ᠡ ᠲᠣᠭᠤᠷᠢᠭ ᠦᠭᠡᠢ ᠪᠠᠶᠢᠭᠰᠠᠨ ᠠᠴᠠ ᠪᠠᠨ

ᠪᠠᠶᠢᠬᠤ ᠪᠣᠯᠵᠤ᠂ ᠠᠤᠭ᠎ᠠ ᠲᠥᠰᠥᠪ ᠠᠴᠠ ᠪᠣᠳᠠᠲᠤ ᠠᠬᠤᠢ ᠪᠣᠯᠵᠤ᠂ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ

ᠬᠤᠳᠠ ᠶᠠᠭ ᠰᠦᠨᠳᠡᠷᠯᠡᠨ ᠪᠣᠰᠴᠤ᠂ ᠭᠠᠶᠢᠬᠠᠮᠰᠢᠭ ᠲᠤ ᠲᠣᠭᠠᠴᠠᠭᠳᠠᠵᠤ ᠪᠣᠯᠣᠨ᠎ᠠ᠃ ᠡᠳᠡᠭᠡᠷ ᠠᠮᠵᠢᠯᠲᠠ ᠪᠦᠲᠦᠮᠵᠢ ᠶᠢ

ᠪᠣᠯ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠂ 3 ᠵᠢᠯ ᠤᠨ ᠰᠢᠨ᠎ᠡ ᠲᠢᠲᠢᠮᠯᠢᠭ

ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠪᠠᠶᠢᠳᠠᠯ ᠳᠣᠣᠷ᠎ᠠ ᠣᠯᠣᠭᠰᠠᠨ ᠶᠤᠮ᠂ ᠮᠠᠰᠢ

ᠭᠢᠯᠪᠠᠷ ᠪᠤᠰᠤ ᠪᠢᠯᠡ᠃ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ

 ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ᠂ ᠡᠯ᠎ᠡ ᠲᠠᠯ᠎ᠠ ᠶᠢᠨ ᠠᠵᠢᠯ ᠪᠣᠯ ᠯᠠᠪᠳᠠᠭᠤᠨ

ᠪᠦᠲᠦᠮᠵᠢᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠰᠢᠶᠦ᠋ᠩ ᠠᠨ ᠰᠢᠨ᠎ᠡ ᠲᠣᠭᠤᠷᠢᠭ ᠢ

ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ

ᠪᠣᠳᠠᠲᠤ ᠠᠴᠢ ᠬᠤᠯᠪᠣᠭᠳᠠᠯ ᠪᠠ ᠠᠯᠤᠰ ᠭᠡᠲᠦ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢᠶᠦ᠋ᠩ

ᠠᠨ ᠰᠢᠨ᠎ᠡ ᠲᠣᠭᠤᠷᠢᠭ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠡᠦᠬᠡᠲᠦ

ᠡᠭᠦᠷᠭᠡ ᠪᠠ ᠵᠠᠷᠴᠢᠮ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂

ᠲᠡᠦᠬᠡᠲᠦ ᠲᠡᠰᠪᠦᠷᠢ ᠲᠡᠪᠴᠢᠶᠡᠷᠢ ᠶᠢ ᠪᠠᠲᠤᠯᠠᠵᠤ᠂ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠣᠯᠣᠨ ᠳᠤᠮᠳᠠ ᠤᠷᠳᠤ

ᠬᠤᠭᠤᠴᠠᠭᠠᠨ ᠤ ᠬᠠᠷᠠᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠬᠥᠮᠥᠨ ᠠᠮᠠ ᠶᠢᠨ

ᠲᠥᠪᠯᠡᠷᠡᠯ ᠤᠨ ᠬᠡᠪᠴᠢᠶ᠎ᠡ᠂ ᠠᠵᠤ ᠦᠢᠯᠡᠰ ᠤᠨ ᠰᠢᠯᠵᠢᠯᠲᠡ ᠪᠠ ᠠᠵᠤ ᠦᠢᠯᠡᠰ ᠤᠨ ᠳᠡᠰ ᠳᠠᠪᠰᠢᠯᠲᠠ᠂ ᠵᠠᠰᠠᠭ ᠤᠨ

ᠣᠷᠳᠣᠨ ᠪᠠ ᠵᠠᠬ᠎ᠠ ᠳᠡᠯᠭᠡᠭᠦᠷ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ

ᠬᠤᠲᠠ ᠶᠢᠨ ᠲᠣᠰ ᠪᠡᠶ᠎ᠡ ᠶᠢᠨ ᠬᠥᠭᠵᠢᠯᠲᠡ ᠶᠢ ᠵᠣᠯᠭᠠᠭᠤᠯᠬᠤ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠡᠷᠭᠢᠨ

ᠲᠣᠭᠤᠷᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ

ᠰᠢᠢᠳᠪᠦᠷᠢᠯᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠵᠥᠪ ᠴᠢᠭᠯᠡᠯ ᠢ

ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠡᠯ᠎ᠡ ᠵᠦᠢᠯ ᠤᠨ

ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠳᠤᠭᠠᠷ ᠪᠦᠯᠦᠭ ᠤᠨ ᠲᠠᠷᠬᠠᠭᠠᠨ

ᠵᠣᠬᠢᠴᠠᠭᠤᠯᠬᠤ ᠠᠵᠢᠯ ᠢ ᠡᠬᠢᠯᠡᠭᠦᠯᠦᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ

ᠵᠢᠴᠢ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ

ᠬᠡᠰᠡᠭ ᠵᠡᠷᠭᠡ ᠶᠢ ᠦᠷᠭᠦᠯᠵᠢᠯᠡᠨ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠦᠢᠯᠡᠰ ᠤᠨ ᠨᠢᠭᠡᠴᠡ ᠶᠢ ᠲᠠᠷᠬᠠᠭᠠᠨ ᠰᠢᠯᠵᠢᠭᠦᠯᠬᠦ ᠠᠵᠢᠯ ᠢ ᠭᠠᠷᠳᠠᠨ

ᠲᠥᠯᠥᠪᠵᠢᠭᠦᠯᠵᠦ  ᠬᠡᠷᠡᠭᠲᠡᠢ᠃ ᠲᠠᠷᠬᠠᠭᠠᠨ ᠵᠣᠬᠢᠴᠠᠭᠤᠯᠬᠤ ᠶᠢ ᠵᠣᠷᠢᠭᠵᠢᠭᠤᠯᠬᠤ ᠬᠢᠵᠠᠭᠠᠷᠯᠠᠬᠤ ᠲᠦᠷᠦ ᠶᠢᠨ

ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ᠲᠠᠷᠬᠠᠭᠠᠨ ᠵᠣᠬᠢᠴᠠᠭᠤᠯᠬᠤ ᠬᠥᠮᠥᠰ ᠤᠨ ᠦᠷ᠎ᠡ

ᠬᠡᠦᠬᠡᠳ ᠤᠨ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠴᠠᠯᠢᠩ ᠬᠥᠯᠥᠰᠦ᠂ ᠨᠡᠶᠢᠭᠡᠮ ᠤᠨ ᠳᠠᠭᠠᠳᠬᠠᠯ᠂

ᠡᠮ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠬᠤᠯᠪᠣᠭᠳᠠᠯ ᠪᠦᠬᠦᠢ

ᠲᠥᠷᠥ ᠶᠢᠨ ᠪᠣᠳᠣᠯᠭ᠎ᠠ ᠳᠤ᠂ ᠨᠠᠰᠤᠲᠠᠶᠢᠴᠤᠳ ᠲᠤᠨᠢ ᠬᠠᠭᠤᠴᠢᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ᠂ ᠰᠢᠨ᠎ᠡ

ᠬᠥᠮᠥᠨ ᠳᠤ ᠰᠢᠨ᠎ᠡ ᠠᠷᠭ᠎ᠠ ᠬᠡᠷᠡᠭᠵᠢᠭᠦᠯᠬᠦ ᠵᠠᠷᠴᠢᠮ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠠᠷᠭ᠎ᠠ

ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠠᠷᠬᠠᠭᠠᠨ ᠵᠣᠬᠢᠴᠠᠭᠤᠯᠤᠭᠰᠠᠨ ᠨᠢᠭᠡᠴᠢ ᠪᠠ

ᠠᠵᠢᠯᠲᠠᠨ ᠳᠤ ᠦᠨᠡᠨ ᠪᠣᠳᠠᠲᠠᠢ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ

ᠲᠣᠭᠲᠠᠴᠠ ᠪᠠ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠶᠢ ᠤᠶᠠᠯᠳᠤᠭᠤᠯᠬᠤ᠂ ᠲᠦᠷᠦᠯ ᠵᠦᠢᠯ ᠪᠠ

ᠲᠦᠷᠦ ᠶᠢᠨ ᠪᠣᠳᠣᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠳᠠ ᠶᠢᠨ

ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠰᠯᠡᠯ ᠤᠨ ᠪᠤᠰᠤ ᠴᠢᠳᠠᠮᠵᠢ ᠶᠢ ᠭᠠᠳᠠᠭᠰᠢ ᠪᠠᠨ ᠲᠠᠷᠬᠠᠭᠠᠨ ᠵᠣᠬᠢᠴᠠᠭᠤᠯᠬᠤ

ᠳᠣᠲᠣᠭᠠᠳᠤ ᠬᠦᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ

ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠷᠠᠯ ᠲᠦᠷᠦ ᠶᠢᠨ

ᠪᠣᠳᠣᠯᠭ᠎ᠠ ᠠᠷᠭ᠎ᠠ ᠬᠡᠮᠵᠢᠶ᠎ᠡ ᠪᠣᠯᠣᠨ ᠤᠷᠢᠳᠠᠴᠢ ᠴᠢᠨᠠᠷᠲᠠᠢ ᠰᠢᠨ᠎ᠡ ᠶᠢ ᠡᠭᠦᠳᠬᠦ ᠲᠤᠷᠰᠢᠯᠲᠠ ᠶᠢᠨ ᠵᠢᠱᠢᠶ᠎ᠡ ᠦᠵᠡᠭᠦᠯᠭᠦ

ᠲᠦᠷᠦᠯ ᠵᠦᠢᠯ ᠢ ᠰᠢᠶᠦ᠋ᠩ ᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠷᠮᠠᠶᠢᠵᠤ ᠪᠠᠶᠢᠭᠠᠳ ᠰᠢᠨ᠎ᠡ ᠴᠢᠳᠠᠪᠬᠢ ᠶᠢ

ᠪᠠᠶᠢᠭᠤᠯᠵᠤ᠂ ᠰᠢᠨ᠎ᠡ ᠳᠦᠷᠢ ᠲᠥᠷᠬᠦ ᠶᠢ ᠪᠦᠷᠢᠯᠳᠦᠭᠦᠯᠵᠦ᠂ ᠰᠢᠨ᠎ᠡ ᠠᠵᠤ ᠦᠢᠯᠡᠰ ᠢ ᠬᠥᠭᠵᠢᠭᠦᠯᠵᠦ᠂ ᠰᠢᠨ᠎ᠡ

ᠴᠢᠳᠠᠪᠤᠷᠢᠲᠠᠨ ᠢ ᠲᠥᠪᠯᠡᠷᠡᠭᠦᠯᠵᠦ᠂ ᠰᠢᠨ᠎ᠡ ᠲᠣᠭᠲᠠᠴᠠ ᠶᠢ ᠪᠠᠶᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠰᠢᠨ᠎ᠡ

ᠴᠠᠭ ᠦᠶ᠎ᠡ ᠶᠢᠨ ᠰᠢᠨ᠎ᠡ ᠶᠢ ᠡᠭᠦᠳᠬᠦ ᠥᠨᠳᠦᠷᠯᠢᠭ ᠪᠠ ᠦᠢᠯᠡᠰ ᠪᠣᠰᠬᠠᠬᠤ ᠬᠠᠯᠠᠭᠤᠨ ᠬᠥᠷᠥᠰᠥ ᠪᠣᠯᠭᠠᠬᠤ ᠬᠡᠷᠡᠭᠲᠡᠢ᠃

ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ

ᠨᠥᠬᠦᠴᠡᠯ ᠢ ᠪᠤᠢ ᠪᠣᠯᠭᠠᠵᠤ᠂ ᠠᠯᠢ ᠤᠯᠠᠨ ᠣᠨᠴᠠᠭᠠᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ

ᠲᠣᠭᠲᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠴᠦᠨ ᠪᠣᠯᠣᠨ ᠬᠥᠷᠥᠩᠭᠡ ᠶᠢ ᠥᠷᠭᠡᠨ ᠢᠶᠠᠷ ᠲᠠᠲᠠᠬᠤ ᠪᠠ

ᠲᠥᠪᠯᠡᠷᠡᠭᠦᠯᠵᠦ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ

ᠣᠷᠣᠯᠴᠠᠭᠤᠯᠵᠤ᠂ ᠬᠥᠮᠥᠰ ᠤᠨ ᠬᠦᠰᠡᠨ ᠡᠷᠡᠮᠡᠯᠵᠡᠵᠦ᠂ ᠴᠢᠬᠤᠯᠠ ᠡᠯᠧᠮᠧᠨ᠋ᠲ ᠴᠤᠭᠯᠠᠷᠠᠵᠤ᠂ ᠬᠦᠴᠦ ᠪᠠᠨ ᠬᠠᠮᠲᠤᠳᠬᠠᠵᠤ

ᠬᠠᠮᠲᠤ ᠪᠠᠷ ᠪᠠᠶᠢᠭᠤᠯᠬᠤ᠂ ᠬᠠᠮᠲᠤ ᠪᠠᠷ ᠬᠥᠭᠵᠢᠬᠦ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠲᠡᠷᠢᠭᠦᠨ ᠤ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ᠂

ᠰᠢᠨ᠎ᠡ ᠵᠠᠭᠪᠤᠷ ᠢ ᠢᠳᠡᠪᠬᠢᠲᠡᠢ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ᠂ ᠰᠢᠨ᠎ᠡ ᠬᠦᠳᠡᠯᠭᠡᠬᠦ

ᠡᠨᠧᠷᠭᠢ ᠶᠢ ᠪᠦᠷᠢᠯᠳᠦᠭᠦᠯᠵᠦ᠂ ᠣᠶᠤᠨᠴᠢ᠂ ᠪᠣᠬᠢᠷᠳᠤᠯ ᠦᠭᠡᠢ᠂ ᠰᠢᠨ᠎ᠡ ᠶᠢ ᠡᠭᠦᠳᠬᠦ ᠶᠢ ᠰᠢᠶᠦ᠋ᠩ ᠠᠨ ᠰᠢᠨ᠎ᠡ

ᠲᠣᠭᠤᠷᠢᠭ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ᠃ ᠬᠥᠬᠡᠮᠳᠦᠭ ᠨᠣᠭᠤᠭᠠᠨ

ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠣᠬᠢᠷᠳᠤᠯ ᠦᠭᠡᠢ

᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠢ ᠪᠣᠬᠢᠷᠳᠤᠯ ᠦᠭᠡᠢ

ᠬᠥᠭᠵᠢᠬᠦ ᠬᠤᠳᠠ ᠶᠢᠨ ᠨᠡᠶᠢᠲᠡᠯᠢᠭ ᠵᠢᠱᠢᠶ᠎ᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠤᠳᠤᠷᠢᠳᠬᠤ ᠪᠠᠶᠢᠭᠤᠯᠤᠮᠵᠢ ᠪᠣᠯᠣᠨ ᠬᠠᠮᠢᠶᠠᠷᠤᠯᠲᠠ ᠶᠢᠨ

ᠲᠣᠭᠲᠠᠴᠠ ᠶᠢ ᠰᠢᠯᠢᠳᠡᠭᠵᠢᠭᠦᠯᠦᠨ ᠪᠦᠷᠢᠨᠰᠢᠭᠦᠯᠵᠦ᠂ ᠰᠢᠨ᠎ᠡ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ

ᠪᠠᠶᠢᠭᠤᠯᠤᠮᠵᠢ ᠲᠡᠶᠢᠰᠢ ᠬᠤᠪᠢᠷᠠᠬᠤ ᠶᠢ ᠱᠠᠲᠤ ᠬᠤᠪᠢᠶᠠᠨ ᠠᠯᠬᠤᠮ ᠲᠠᠷᠠᠭ᠎ᠠ ᠬᠤᠪᠢᠶᠠᠨ ᠯᠠᠪᠳᠠᠭᠤᠨ ᠡᠮᠬᠢ ᠵᠢᠷᠤᠮ ᠲᠠᠢ ᠪᠠᠷ

ᠠᠬᠢᠭᠤᠯᠬᠤ ᠬᠡᠷᠡᠭᠲᠡᠢ᠃ ᠰᠢᠨ᠎ᠡ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ

ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠲᠤᠰᠬᠠᠶᠢᠵᠢᠭᠰᠠᠨ

ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠲᠣᠭᠤᠷᠢᠭ ᠤᠨ ᠺᠠᠳ᠋ᠷ ᠢ ᠰᠢᠯᠭᠠᠨ ᠦᠨᠡᠯᠡᠬᠦ ᠲᠣᠭᠲᠠᠴᠠ ᠶᠢ

ᠲᠡᠭᠦᠯᠳᠡᠷᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂

ᠵᠣᠷᠢᠭᠲᠠᠢ ᠪᠠᠷ ᠰᠢᠨ᠎ᠡ ᠶᠢ ᠡᠭᠦᠳᠬᠦ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ

ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠪᠦᠲᠦᠭᠡᠨ ᠪᠠᠶᠢᠭᠤᠯᠵᠤ᠂ ᠠᠷᠠᠳ ᠲᠦᠮᠡᠨ ᠤ

ᠬᠤᠳᠠ ᠶᠢ ᠠᠷᠠᠳ ᠲᠦᠮᠡᠨ ᠤ ᠲᠥᠯᠥᠭᠡ ᠪᠠᠶᠢᠯᠭᠠᠬᠤ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠺᠠᠳ᠋ᠷ

ᠤᠯᠠᠨ ᠲᠦᠮᠡᠨ ᠤ ᠠᠩᠬᠠᠷᠴᠤ ᠪᠠᠶᠢᠭ᠎ᠠ ᠲᠤᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂

ᠠᠷᠠᠳ ᠤᠯᠠᠨ ᠳᠤ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠠᠴᠠ ᠦᠨᠡᠨ ᠪᠣᠳᠠᠲᠠᠢ ᠬᠦᠷᠲᠡᠮᠵᠢ ᠶᠢᠨ

ᠲᠥᠷᠥᠭᠳᠡᠯ᠂ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ

ᠪᠠᠷᠢᠮᠲᠠᠯᠠᠵᠤ᠂ ᠠᠵᠢᠯ ᠣᠯᠭᠤᠬᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠲᠦᠷᠦ ᠶᠢᠨ ᠪᠣᠳᠣᠯᠭ᠎ᠠ ᠶᠢ

ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠬᠥᠳᠡᠯᠮᠦᠷᠢ ᠬᠦᠴᠦᠨ ᠳᠤ ᠲᠠᠭᠢᠨ ᠠᠵᠢᠯ ᠣᠯᠭᠤᠬᠤ ᠪᠣᠯᠪᠠᠰᠤᠷᠠᠯ

ᠬᠦᠷᠲᠡᠭᠡᠬᠦ ᠶᠢ ᠴᠢᠩᠭᠠᠳᠬᠠᠬᠤ ᠬᠡᠷᠡᠭᠲᠡᠢ᠃ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ

ᠠᠬᠢᠭᠤᠯᠵᠤ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠬᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ

ᠠᠬᠢᠭᠤᠯᠬᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ

ᠭᠡᠵᠦ ᠴᠢᠬᠤᠯᠠᠴᠢᠯᠠᠪᠠ᠃

      ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠵᠢᠴᠢ ᠡᠯ᠎ᠡ ᠱᠠᠲᠤᠨ ᠤ

ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠶᠢᠨ ᠬᠠᠮᠲᠤ ᠡᠭᠦᠨ ᠢᠶᠠᠷ

ᠠᠵᠠ ᠲᠣᠭᠢᠶᠠᠯ ᠪᠣᠯᠭᠠᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠶᠡᠭᠡ ᠴᠢᠯᠦᠭᠡᠯᠡᠯᠲᠡ᠂

ᠴᠢᠳᠠᠪᠤᠷᠢ ᠶᠢᠨ ᠶᠡᠭᠡ ᠳᠡᠭᠡᠭᠰᠢᠯᠡᠯᠲᠡ᠂ ᠰᠤᠷᠲᠠᠯ ᠤᠨ ᠶᠡᠭᠡ ᠬᠤᠪᠢᠷᠠᠯᠲᠠ᠂ ᠠᠵᠢᠯ ᠤᠨ ᠶᠡᠭᠡ ᠨᠠᠶᠢᠳᠠᠪᠤᠷᠢᠵᠢᠭᠤᠯᠤᠯᠲᠠ ᠶᠢ

ᠠᠬᠢᠭᠤᠯᠵᠤ᠂ ᠤᠯᠤᠰ ᠲᠦᠷᠦ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ

ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠢᠯᠵᠠᠷᠠᠬᠤ ᠠᠴᠠ

ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ

ᠠᠬᠢᠭᠤᠯᠵᠤ᠂ ︽ᠠᠷᠢᠭᠤᠨ ᠴᠢᠬᠡᠴᠢ ᠰᠢᠶᠦ᠋ᠩ ᠠᠨ︾ ᠢᠶᠠᠷ ︽ᠰᠢᠶᠦ᠋ᠩ ᠠᠨ ᠤ ᠶᠠᠰᠤ ᠴᠢᠨᠠᠷ︾ ᠢ ᠪᠠᠲᠤᠯᠠᠬᠤ ᠬᠡᠷᠡᠭᠲᠡᠢ

ᠭᠡᠵᠦ ᠵᠢᠭᠠᠵᠤ ᠭᠠᠷᠭᠠᠪᠠ᠃

      ᠯᠢ ᠴᠢᠶᠠᠩ ᠶᠠᠷᠢᠶᠠᠨ ᠳᠠᠭᠠᠨ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ

ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠳᠤ ᠬᠠᠮᠤᠭ ᠤᠨ ᠦᠨᠳᠦᠰᠦᠨ ᠬᠠᠮᠤᠭ ᠤᠨ ᠵᠠᠩᠭᠢᠯᠠᠭ᠎ᠠ ᠨᠢ ᠶᠡᠷᠦᠩᠬᠡᠢ ᠱᠦᠵᠢ

ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ

ᠪᠠᠶᠢᠷᠢᠯᠠᠭᠤᠯᠤᠯᠲᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ

ᠪᠣᠯᠣᠨ᠎ᠠ᠃ ︽ᠮᠢᠩᠭᠠᠨ ᠣᠨ ᠤ ᠶᠡᠭᠡ ᠪᠣᠳᠣᠯᠭ᠎ᠠ︾ ᠶᠢᠨ ᠲᠣᠭᠲᠠᠯ ᠬᠦᠴᠦᠨ ᠲᠠᠢ ᠪᠠᠶᠢᠵᠤ᠂ ᠰᠢᠶᠦ᠋ᠩ ᠠᠨ ᠰᠢᠨ᠎ᠡ

ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠲᠡᠦᠬᠡᠲᠦ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂

ᠯᠠᠪᠳᠠᠭᠤᠨ ᠪᠠᠲᠤᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ︽ᠥᠷᠯᠥᠭᠡ ᠦᠳᠡᠰᠢ ᠶᠢ

ᠲᠡᠮᠡᠴᠡᠬᠦ︾ ᠡᠷᠴᠢ ᠵᠣᠷᠢᠭ ᠲᠠᠢ ᠪᠠᠶᠢᠵᠤ᠂ ᠨᠢᠭᠡᠨᠲᠡ ᠲᠣᠳᠣᠷᠬᠠᠢ ᠪᠣᠯᠤᠭᠰᠠᠨ᠂ ᠡᠷᠬᠡᠪᠰᠢ ᠬᠢᠬᠦ ᠴᠢᠬᠤᠯᠠᠲᠠᠢ ᠶᠠᠪᠤᠳᠠᠯ ᠢ

ᠴᠢᠩᠭ᠎ᠠ ᠠᠳᠬᠤᠵᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ᠂ ᠱᠠᠯᠠᠮᠠᠭᠠᠶᠢᠯᠠᠨ ᠠᠵᠢᠯᠯᠠᠵᠤ᠂ ᠪᠡᠭᠡᠵᠢᠩ ᠤᠨ

ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ ᠲᠦᠷᠭᠡᠪᠴᠢᠯᠡᠨ ᠵᠣᠯᠭᠠᠭᠤᠯᠵᠤ᠂ ᠰᠠᠭᠤᠷᠢ

ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠳᠣᠬᠢᠴᠢᠯᠠᠭᠰᠠᠨ ᠠᠵᠤ

ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠡᠯ᠎ᠡ

ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃

      ᠳ᠋ᠢᠩ ᠰᠢᠤᠸᠠᠢ ᠰᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ

ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ

ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠨᠳᠦᠰᠦ

ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠤᠤᠭᠠᠯ ᠰᠢᠨ᠎ᠡ ᠶᠢ ᠡᠭᠦᠳᠬᠦ ᠴᠢᠬᠤᠯᠠ ᠭᠤᠯᠣᠮᠲᠠ ᠶᠢ

ᠬᠦᠴᠦᠯᠡᠨ ᠪᠠᠶᠢᠭᠤᠯᠵᠤ᠂ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠥᠨᠳᠥᠷ ᠲᠦᠪᠰᠢᠨ ᠪᠦᠬᠦᠢ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠬᠦ ᠭᠡᠷᠡᠭᠲᠡᠢ︔ᠰᠢᠨ᠎ᠡ ᠶᠢ ᠡᠭᠦᠳᠬᠦ ᠬᠡᠯᠬᠢᠶ᠎ᠡ

ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ

ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ

ᠪᠦᠲᠦᠭᠡᠯ ᠢ ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ

ᠬᠥᠭᠵᠢᠯᠲᠡ ᠶᠢ ᠠᠬᠢᠭᠤᠯᠬᠤ ᠭᠡᠷᠡᠭᠳᠠᠢ︔ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠰᠢᠨ᠎ᠡ ᠶᠢ ᠡᠭᠦᠳᠬᠦ

ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠵᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠵᠠᠭᠪᠤᠷ ᠤᠨ ᠰᠢᠨ᠎ᠡ ᠶᠢ

ᠡᠭᠦᠳᠴᠦ᠂ ᠰᠢᠨ᠎ᠡ ᠶᠢ ᠡᠭᠦᠳᠬᠦ ᠨᠡᠩ ᠤᠯᠠᠨ ᠡᠯᠧᠮᠧᠨ᠋ᠲ ᠤᠨ ᠡᠬᠢ ᠪᠠᠶᠠᠯᠢᠭ ᠢ ᠰᠢᠩᠭᠡᠬᠡᠨ ᠠᠪᠬᠤ ᠪᠠ ᠲᠥᠪᠯᠡᠷᠡᠭᠦᠯᠵᠦ

ᠪᠠᠶᠢᠭᠠᠳ ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠷᠣᠯᠴᠠᠭᠤᠯᠬᠤ

ᠬᠡᠷᠡᠭᠲᠡᠢ ᠭᠡᠵᠦ ᠢᠯᠡᠳᠬᠡᠪᠡ᠃

      ᠯᠢ ᠭᠠᠨ ᠵᠢᠶᠧ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ

ᠣᠷᠣᠯᠴᠠᠵᠤ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ

ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ᠂ ᠾᠧᠪᠧᠢ ᠮᠤᠵᠢ᠂ ᠰᠢᠶᠦ᠋ᠩ

ᠠᠨ ᠰᠢᠨ᠎ᠡ ᠲᠣᠭᠤᠷᠢᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ

ᠬᠤᠷᠠᠯ ᠳᠤ ᠣᠷᠣᠯᠴᠠᠵᠠᠢ᠃

 

 

 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号