ᠬᠠᠷᠠᠴᠢᠨ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠠᠵᠢᠯ ᠤᠨ ᠬᠠᠷᠢᠭᠤ ᠮᠡᠳᠡᠭᠦᠯᠦᠯᠲᠡ ᠵᠢᠴᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠪᠠᠶᠢᠴᠠᠭᠠᠯᠲᠠ ᠶᠢ ᠤᠭᠲᠤᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/14
    5 ᠰᠠᠷ᠎ᠠ ᠶᠢᠨ 13 ᠤ ᠡᠳᠦᠷ᠂ ᠬᠠᠷᠠᠴᠢᠨ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠠᠵᠢᠯ ᠤᠨ ᠬᠠᠷᠢᠭᠤ ᠮᠡᠳᠡᠭᠦᠯᠦᠯᠲᠡ ᠵᠢᠴᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠪᠠᠶᠢᠴᠠᠭᠠᠯᠲᠠ ᠶᠢ ᠤᠭᠲᠤᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠤᠩ ᠬᠤᠩ ᠭᠡᠰᠢᠭᠦᠳ ᠤᠨ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠤᠮᠳᠠ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠪᠠᠰᠠ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠢᠭᠠᠨ ᠭᠠᠷᠭᠠᠵᠤ᠂ ᠪᠥᠬᠦ ᠬᠤᠰᠢᠭᠤᠨ ᠤ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠠᠶᠢᠲᠤᠷ ᠥᠷᠨᠢᠭᠦᠯᠬᠦ ᠵᠢᠴᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ ᠪᠣᠳᠠᠲᠠᠶ ᠱᠠᠭᠠᠷᠳᠠᠯᠭ᠎ᠠ ᠳᠤᠷᠠᠳᠪᠠ᠃    ᠲᠤᠤ ᠮᠤᠩ ᠬᠤᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠳᠦᠷᠢ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠰᠢ ᠶᠢᠨ ᠫᠢᠩ ᠦᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠬᠡᠷᠡᠭᠯᠡᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠬᠥᠲᠥᠯᠦᠨ ᠳᠠᠭᠠᠭᠤᠯᠬᠤ ᠬᠡᠷᠡᠭᠲᠡᠶ︔ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ︔ ᠲᠥᠯᠥᠪᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠰᠡᠳᠬᠢᠴᠡ ᠠᠷᠭ᠎ᠠ ᠬᠡᠮᠵᠢᠶ᠎ᠡ ᠪᠠᠨ ᠲᠣᠳᠣᠷᠬᠠᠶᠢᠯᠠᠬᠤ ᠬᠡᠷᠡᠭᠲᠡᠢ︔ ᠲᠣᠭᠲᠠᠭᠤᠨ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠲᠦᠷᠦ ᠪᠠᠷᠢᠬᠤ ᠰᠠᠭᠤᠷᠢ ᠶᠢ ᠪᠠᠲᠤᠳᠬᠠᠬᠤ ᠬᠡᠷᠡᠭᠲᠡᠢ᠃ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠢ ᠪᠦᠲᠦᠮᠵᠢᠲᠡᠶ ᠠᠷᠭᠠᠴᠠᠬᠤ ᠬᠡᠷᠡᠭᠲᠡᠶ︔ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠢ︔ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠨᠴᠠᠯᠢᠬᠳᠤ ᠲᠦᠷᠦᠯ ᠲᠡᠮᠳᠡᠭ ᠢ ᠡᠭᠦᠳᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ ᠭᠡᠵᠠᠢ᠃    ᠲᠤᠤ ᠮᠤᠩ ᠬᠤᠩ ᠴᠢᠬᠤᠯᠠᠴᠢᠯᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠪᠣᠯ ᠰᠢᠶᠠᠩ ᠪᠠᠯᠭᠠᠰᠤᠨ ᠤ ᠤᠳᠤᠷᠢᠳᠬᠤ ᠺᠠᠳ᠋ᠷ ᠮᠥᠷᠲᠡᠭᠡᠨ ᠪᠠᠰᠠ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠮᠥᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠲᠠᠢ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠠᠢ᠃    ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ︵ᠠᠵᠢᠯᠴᠢᠨ︶ ᠤᠨ ᠬᠤᠷᠢᠶ᠎ᠡ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠲᠤᠰ ᠲᠤᠰ 2023 ᠣᠨ ᠤ ᠡᠬᠢᠨ ᠠᠴᠠ ᠨᠠᠰᠢᠬᠢ ᠦᠨᠳᠦᠰᠦᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ︔ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠪᠠᠭ ᠤᠨ ᠪᠦᠷᠢᠯᠳᠦᠬᠦᠨ ᠨᠡᠷ ᠲᠣᠰ ᠲᠣᠰ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠰᠢᠯᠭᠠᠨ ᠠᠪᠬᠤ ᠠᠵᠢᠯ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ︔ ᠬᠤᠷᠠᠯ ᠳᠡᠭᠡᠷ᠎ᠡ ︽ᠤᠯᠠᠭᠠᠨᠬᠠᠳᠠ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠲᠣᠭᠲᠠᠴᠠ ︵ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠨ ᠰᠤᠷᠤᠯᠴᠠᠪᠠ᠃    ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠬᠤᠷᠠᠯ ᠳᠤ ᠣᠷᠣᠯᠴᠠᠪᠠ︔ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠵᠢᠴᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠪᠥᠬᠦ ᠺᠠᠳ᠋ᠷᠴᠤᠳ ᠬᠤᠷᠠᠯ ᠳᠤ ᠰᠤᠯᠠ ᠣᠷᠣᠯᠴᠠᠪᠠ᠃

微信图片_20230516145840.jpg

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号