ᠬᠠᠷᠠᠴᠢᠨ ᠬᠤᠰᠢᠭᠤ ᠵᠠᠯᠠᠭᠤ ᠠᠵᠤ ᠠᠬᠤᠶᠢᠯᠠᠯᠲᠠᠳ ᠤᠨ ᠬᠤᠳᠠᠯᠳᠤᠭᠠᠨ ᠤ ᠡᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/5/20
     5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠬᠠᠷᠠᠴᠢᠨ ᠬᠤᠰᠢᠭᠤ ᠵᠠᠯᠠᠭᠤ ᠠᠵᠤ ᠠᠬᠤᠶᠢᠯᠠᠯᠲᠠᠳ ᠤᠨ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠬᠤ ᠶᠣᠰᠣᠯᠠᠯ ᠶᠠᠪᠤᠭᠤᠯᠪᠠ᠃ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠱᠢ ᠸᠧᠢ᠂ ᠬᠤᠰᠢᠭᠤᠨ ᠤ ᠲᠡᠰ ᠤᠨ ᠤᠳᠤᠷᠢᠳᠤᠯᠭ᠎ᠠ ᠲᠤᠤ ᠮᠧᠩ ᠬᠤᠩ᠂ ᠸᠠᠩ ᠴᠢᠦ ᠶᠧ᠂ ᠷᠦᠩ ᠰᠢ ᠹᠧᠩ᠂ ᠢ ᠰᠢᠤ ᠴᠢᠤᠸᠠᠨ᠂ ᠵᠧᠩ ᠰᠢᠶᠠᠨ ᠬᠤᠢ ᠣᠷᠣᠯᠴᠠᠪᠠ᠃      ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠤᠩ ᠬᠤᠩ ᠶᠠᠷᠢᠶᠠᠨ ᠳᠠᠭᠠᠨ᠂ ᠬᠦᠰᠡᠯ ᠢᠲᠡᠭᠡᠯ ᠵᠣᠷᠢᠭ ᠢᠶᠠᠨ ᠪᠠᠲᠤᠳᠬᠠᠵᠤ᠂ ᠣᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠤᠬᠠᠭᠤᠯᠭ᠎ᠠ ᠪᠠ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠠᠯᠠᠭᠤ ᠠᠵᠤ ᠠᠬᠤᠶᠢᠯᠠᠯᠲᠠᠨ ᠤ ᠥᠪᠡᠷ ᠪᠠᠨ ᠰᠤᠷᠤᠯᠴᠠᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠳᠡᠭᠡᠭᠰᠢᠯᠡᠭᠦᠯᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠵᠠᠯᠠᠭᠤ ᠠᠵᠤ ᠠᠬᠤᠶᠢᠯᠠᠯᠲᠠᠳ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠳᠡᠭᠡᠳᠦ ᠲᠡᠰ ᠤᠨ ᠦᠢᠯᠡᠳᠬᠦᠨ ᠢ ᠡᠭᠦᠳᠴᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠢᠳᠡᠪᠬᠢᠲᠡᠢ ᠵᠣᠬᠢᠶᠠᠨ ᠪᠠᠶᠢᠭᠤᠯᠵᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠬᠤᠳᠠᠯᠳᠤᠭᠠᠴᠢᠳ ᠤᠨ ᠡᠪᠯᠡᠯ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠲᠦᠷᠭᠡᠨ ᠳᠡᠭᠡᠭᠰᠢᠯᠡᠭᠦᠯᠵᠦ᠂ ᠨᠡᠷᠡᠳᠦ ᠲᠡᠮᠳᠡᠭᠲᠦ ᠬᠤᠳᠠᠯᠳᠤᠭᠠᠴᠢᠳ ᠤᠨ ᠡᠪᠯᠡᠯ ᠢ ᠴᠢᠷᠮᠠᠶᠢᠨ ᠪᠠᠶᠢᠭᠤᠯᠬᠤ ᠬᠡᠷᠡᠭᠲᠡᠢ︔ ᠬᠠᠷᠢᠯᠴᠠᠨ ᠰᠤᠷᠪᠤᠯᠵᠢᠯᠠᠵᠤ ᠰᠣᠯᠢᠯᠴᠠᠬᠤ ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠦᠷᠦ ᠶᠢᠨ ᠪᠤᠳᠤᠯᠭ᠎ᠠ ᠶᠢᠨ ᠣᠷᠴᠢᠨ ᠲᠣᠭᠤᠷᠢᠨ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠵᠡᠷᠭᠡ ᠬᠠᠮᠲᠤᠪᠠᠷ ᠡᠳ᠋ᠯᠡᠬᠦ ᠲᠠᠪᠴᠠᠩ ᠢ ᠬᠦᠴᠦ ᠪᠠᠨ ᠬᠠᠮᠲᠤᠳᠬᠠᠨ ᠪᠠᠶᠢᠭᠤᠯᠬᠤ ᠬᠡᠷᠡᠭᠲᠡᠢ ᠭᠡᠵᠠᠢ᠃     ᠪᠠᠶᠢᠭᠤᠯᠤᠭᠳᠠᠬᠤ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ ᠪᠠᠶᠠᠷ ᠤᠨ ᠦᠭᠡ ᠬᠡᠯᠡᠪᠡ︔ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ︽ᠬᠠᠷᠠᠴᠢᠨ ᠬᠤᠰᠢᠭᠤᠨ ᠤ ᠵᠠᠯᠠᠭᠤ ᠠᠵᠤ ᠠᠬᠤᠶᠢᠯᠠᠯᠲᠠᠳ ᠤᠨ ᠬᠤᠳᠠᠯᠳᠤᠭᠠᠨ ᠤ ᠡᠪᠯᠡᠯ ᠪᠠᠶᠢᠭᠤᠯᠬᠤ ᠶᠢ ᠵᠥᠪᠰᠢᠶᠡᠷᠡᠭᠰᠡᠨ ᠲᠤᠬᠠᠢ ᠴᠣᠬᠤᠯᠠᠪᠤᠷᠢ︾ ᠵᠢᠴᠢ ᠰᠣᠩᠭᠤᠭᠤᠯᠢ ᠶᠢᠨ ᠦᠷ᠎ᠡ ᠳ᠋ᠦᠩ ᠢ ᠤᠩᠰᠢᠨ ᠨᠡᠶᠢᠲᠡᠯᠡᠵᠡᠢ᠃ ᠵᠠᠯᠠᠭᠤᠴᠤᠳ ᠤᠨ ᠬᠤᠳᠠᠯᠳᠤᠭᠠᠴᠢᠳ ᠤᠨ ᠡᠪᠯᠡᠯ ᠠᠴᠠ ᠬᠤᠰᠢᠭᠤᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ 5 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠪᠠ︔ ᠬᠤᠲᠠ ᠬᠤᠰᠢᠭᠤ ᠬᠤᠶᠠᠷ ᠱᠠᠲᠤᠨ ᠤ ᠤᠳᠤᠷᠢᠳᠤᠯᠭ᠎ᠠ ᠨᠢ ᠲᠣᠰ ᠲᠣᠰ ᠬᠠᠷᠠᠴᠢᠨ ᠵᠠᠯᠠᠭᠤ ᠠᠵᠤ ᠠᠬᠤᠶᠢᠯᠠᠯᠲᠠᠳ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ᠂ ᠪᠠᠶᠢᠩᠭᠤ ᠶᠢᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢᠨ ᠨᠢᠭᠡᠴᠡ ᠳᠤ ᠫᠠᠶᠢᠰᠠ ᠣᠯᠭᠤᠨ᠎ᠠ︔ ᠬᠠᠷᠠᠴᠢᠨ ᠵᠠᠯᠠᠭᠤ ᠠᠵᠤ ᠠᠬᠤᠶᠢᠯᠠᠯᠲᠠᠳ ᠤᠨ ᠬᠤᠳᠠᠯᠳᠤᠭᠠᠨ ᠤ ᠡᠪᠯᠡᠯ ᠤᠨ ᠳᠠᠷᠤᠭ᠎ᠠ ᠲᠣᠰ ᠲᠣᠰ ᠤᠯᠠᠭᠠᠨᠬᠠᠳᠠ ᠬᠤᠲᠠ ᠶᠢᠨ ᠵᠠᠯᠠᠭᠤ ᠠᠵᠤ ᠠᠬᠤᠶᠢᠯᠠᠯᠲᠠᠳ ᠤᠨ ᠬᠤᠳᠠᠯᠳᠤᠭᠠᠨ ᠤ ᠡᠪᠯᠡᠯ᠂ ᠵᠠᠮ ᠬᠠᠷᠢᠯᠴᠠᠭᠠᠨ ᠤ ᠪᠠᠩᠬᠢ ᠶᠢᠨ ᠤᠯᠠᠭᠠᠨᠬᠠᠳᠠ ᠶᠢᠨ ᠰᠠᠯᠪᠤᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠬᠠᠷᠠᠴᠢᠨ ᠬᠤᠰᠢᠭᠤᠨ ᠤ ᠰᠠᠯᠪᠤᠷᠢ ᠪᠠᠩᠬᠢ ᠶᠢᠨ ᠬᠠᠷᠢᠭᠤᠴᠠᠯᠭᠠᠲᠠᠨ ᠨᠥᠬᠦᠳ ᠲᠠᠢ ᠨᠥᠬᠦᠷᠰᠡᠭ ᠢᠶᠠᠷ ᠬᠠᠮᠲᠤᠷᠠᠨ ᠠᠵᠢᠯᠯᠠᠬᠤ ᠬᠡᠯᠡᠯᠴᠡᠭᠡᠷ᠂ ᠪᠠᠩᠬᠢ ᠪᠠ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠪᠠ᠃     ᠵᠠᠮ ᠬᠠᠷᠢᠯᠴᠠᠭᠠᠨ ᠤ ᠪᠠᠩᠬᠢ ᠶᠢᠨ ᠤᠯᠠᠭᠠᠨᠬᠠᠳᠠ ᠶᠢᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠬᠠᠷᠠᠴᠢᠨ ᠬᠤᠰᠢᠭᠤᠨ ᠤ ᠰᠠᠯᠪᠤᠷᠢ ᠪᠠᠩᠬᠢ᠂ ᠬᠡᠰᠡᠭ ᠨᠥᠬᠦᠷᠰᠡᠭ ᠬᠤᠳᠠᠯᠳᠤᠭᠠᠨ ᠤ ᠡᠪᠯᠡᠯ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠵᠢᠴᠢ 40 ᠭᠠᠷᠤᠶ ᠭᠡᠰᠢᠭᠦᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ 

640 (1).jpg

640.jpg

 

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号