ᠸᠠᠩ ᠸᠠᠩ ᠱᠸᠡᠩ ᠮᠠᠨ ᠤ ᠬᠤᠰᠢᠭᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠢᠳᠠᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/22
     5 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠸᠡᠩ ᠮᠠᠨ ᠤ ᠬᠤᠰᠢᠭᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠢᠳᠠᠯ ᠢ ᠪᠠᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠵᠠᠩ ᠭᠦᠸᠧ ᠬᠤᠸᠠ᠂ ᠬᠤᠰᠢᠭᠤᠨ ᠤ ᠤᠳᠤᠷᠢᠳᠤᠯᠭ᠎ᠠ ᠹᠠᠩ ᠷᠦᠢ᠂ ᠵᠣᠣ ᠶᠠᠨ ᠬᠤᠩ᠂ ᠱᠢ ᡁᠢ ᠯᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃     ᠸᠠᠩ ᠸᠠᠩ ᠱᠸᠡᠩ ᠨᠡᠷ ᠤᠷᠢᠳ ᠬᠤᠵᠢᠳ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠤᠢ ᠰᠢᠭᠤᠢ ᠶᠢᠨ ᠵᠣᠬᠢᠶᠠᠨ ᠪᠠᠶᠢᠭᠤᠯᠤᠯᠲᠠ ᠶᠢᠨ ᠤᠯᠠᠨ ᠴᠢᠳᠠᠮᠵᠢᠳᠦ ᠤᠢ ᠰᠢᠭᠤᠢ ᠶᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠮᠠ ᠠᠨ ᠱᠠᠨ ᠤ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠵᠡᠷᠭᠡ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠪᠡ᠃ ᠤᠯᠤᠰ ᠤᠨ ᠣᠶ ᠰᠢᠭᠤᠶ ᠶᠢᠨ ᠴᠡᠴᠡᠷᠯᠢᠭ ᠤᠨ ᠣᠶ ᠰᠢᠭᠤᠶ ᠶᠢᠨ ᠡᠷᠡᠭᠦᠯ ᠮᠡᠨᠳᠦ ᠶᠢᠨ ᠪᠠᠶᠢᠳᠠᠯ᠂ ᠬᠠᠷᠠᠴᠢᠨ ᠴᠢᠨ ᠸᠠᠩ ᠤᠨ ᠣᠷᠳᠣᠨ ᠤ ᠲᠡᠤᠬᠡ ᠰᠣᠶᠣᠯ ᠤᠨ ᠨᠠᠷᠠᠲᠤ ᠪᠠᠯᠭᠠᠰᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠪᠠᠶᠢᠳᠠᠯ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠬᠤᠪᠢᠰᠬᠠᠯ ᠤᠨ ᠰᠤᠷᠭᠠᠨ ᠬᠥᠮᠦᠵᠢᠯ ᠵᠢᠴᠢ ᠬᠥᠳᠡᠭᠡ ᠲᠣᠰᠬᠤᠨ ᠤ ᠵᠢᠭᠤᠯᠴᠢᠯᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠮᠠᠨ ᠤ ᠬᠤᠰᠢᠭᠤᠨ ᠤ ᠦᠵᠡᠭᠦᠯᠦᠯᠭᠡ ᠶᠢᠨ ᠴᠡᠭ ᠪᠠ ᠵᠠᠮ ᠱᠤᠭᠤᠮ ᠤᠨ ᠵᠢᠷᠤᠭ ᠲᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠨ᠎ᠠ᠃     ᠸᠠᠩ ᠸᠠᠩ ᠱᠸᠡᠩ ᠵᠢᠭᠠᠵᠤ ᠭᠠᠷᠭᠠᠬᠤ ᠳᠠᠭᠠᠨ᠂ ᠬᠠᠷᠠᠴᠢᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠠᠵᠤ ᠠᠬᠤᠢ᠂ ᠰᠣᠶᠣᠯ᠂ ᠵᠤᠭᠠᠴᠠᠯ᠂ ᠡᠷᠡᠭᠦᠯ ᠡᠩᠬᠡ ᠨᠠᠰᠤᠵᠢᠯ ᠢ ᠠᠭᠤᠰᠤᠯᠴᠠᠭᠤᠯᠤᠨ ᠬᠥᠭᠵᠢᠭᠦᠯᠦᠭᠰᠡᠨ ᠰᠢᠪᠡᠭᠡ ᠭᠤᠣᠯ ᠤᠨ ᠰᠠᠪᠠ ᠭᠠᠵᠠᠷ ᠤᠨ ᠵᠠᠭᠤᠨ ᠺᠢᠯᠤᠮᠧᠳ᠋ᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠬᠠᠷᠠᠴᠢᠨ ᠤ ᠪᠠᠶᠢᠭᠠᠯᠢ ᠶᠢᠨ ᠠᠮᠢ ᠠᠬᠤᠢ ᠶᠢᠨ ᠰᠠᠭᠤᠷᠢ ᠪᠣᠯᠤᠨ ᠭᠦᠨ ᠵᠤᠵᠠᠭᠠᠨ ᠰᠣᠶᠣᠯ ᠤᠨ ᠬᠤᠷᠠᠮᠳᠤᠯ ᠢ ᠭᠦᠢᠴᠡᠳ ᠢᠯᠡᠷᠡᠭᠦᠯᠵᠦ᠂ ᠤᠨᠴᠠᠯᠢᠬᠳᠤ ᠬᠥᠭᠵᠢᠯᠲᠡ ᠶᠢ ᠠᠬᠢᠭᠤᠯᠵᠤ᠂ ᠪᠦᠬᠦ ᠣᠷᠣᠨ ᠪᠦᠰᠡ ᠶᠢᠨ ᠵᠤᠭᠠᠴᠠᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ ᠪᠦᠬᠦ ᠬᠤᠰᠢᠭᠤᠨ ᠤ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠠᠢ᠃     ᠸᠠᠩ ᠸᠠᠩ ᠱᠸᠡᠩ ᠴᠢᠬᠤᠯᠠᠴᠢᠯᠠᠭᠰᠠᠨ ᠨᠢ᠂ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠶᠡᠭᠡ ᠲᠠᠯ᠎ᠠ ᠶᠢ ᠡᠵᠡᠮᠳᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠤᠨ ᠡᠭᠦᠷᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ ᠪᠣᠯᠤᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠣᠪᠣᠷ ᠢᠶᠠᠷ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ᠂ ᠥᠨᠳᠥᠷ ᠶᠠᠰᠤ ᠴᠢᠨᠠᠷ ᠲᠠᠢ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ ᠬᠡᠷᠡᠭᠲᠡᠢ᠃ ︽ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠣᠶᠣᠯ ᠵᠤᠭᠠᠴᠠᠯ ᠢ ᠠᠭᠤᠰᠤᠯᠴᠠᠭᠤᠯᠬᠤ ᠭᠤᠣᠯᠯᠠᠭᠴᠢ ᠠᠵᠤ ᠦᠢᠯᠡᠰ ᠢ ᠲᠠᠰᠤᠷᠠᠯᠲᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠢᠯᠠᠰ ᠴᠡᠭ ᠢ ᠳᠤᠪᠤᠶᠢᠯᠭᠠᠵᠤ᠂ ᠣᠨᠴᠠᠯᠢᠭ ᠢ ᠢᠯᠡᠷᠡᠭᠦᠯᠵᠦ᠂ ᠨᠢᠭᠡ ᠪᠦᠯᠦᠭ ᠰᠣᠳᠣᠨ ᠵᠤᠭᠠᠴᠠᠯ ᠤᠨ ᠲᠦᠷᠦᠯ ᠵᠦᠢᠯ ᠢ ᠦᠨᠡᠨᠬᠦ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃

640 (2).jpg

 

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号