ᠱᠠᠨ ᠰᠢ ᠮᠤᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠨᠠᠨ ᠲᠠᠢᠽᠢ ᠪᠠᠭ᠎ᠠ ᠰᠤᠷᠭᠠᠭᠤᠯᠢ ᠳᠤ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠤᠨ ᠬᠠᠶᠢᠷ᠎ᠠ ᠬᠠᠯᠠᠮᠵᠢ ᠶᠢ ᠬᠠᠨᠳᠢᠪᠯᠠᠬᠤ ᠠᠵᠢᠯᠯᠠᠭ᠎ᠠ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2023/5/25
    5 ᠰᠠᠷ᠎ᠠ ᠶᠢᠨ 25 ᠤ ᠡᠳᠦᠷ᠂ ︽ᠵᠢᠷᠭᠤᠭᠠᠨ ᠰᠠᠷ᠎ᠠ ᠶᠢᠨ ᠨᠢᠭᠡᠨ︾ ᠤ ᠳᠡᠯᠡᠬᠡᠶ ᠶᠢᠨ ᠬᠡᠤᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠱᠠᠨ ᠰᠢ ᠮᠤᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠨᠠᠨ ᠲᠠᠢᠽᠢ ᠪᠠᠭ᠎ᠠ ᠰᠤᠷᠭᠠᠭᠤᠯᠢ ᠳᠤ ᠨᠡᠶᠢᠲᠡ ᠶᠢᠨ ᠠᠰᠠᠷᠠᠮᠵᠢ ᠶᠢᠨ ᠵᠦᠢᠯᠡᠰ ᠤᠨ ᠬᠠᠶᠢᠷ᠎ᠠ ᠬᠠᠯᠠᠮᠵᠢ ᠶᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠱᠠᠨ ᠰᠢ ᠮᠤᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠯᠢ ᠶᠠᠨ᠂ ᠱᠠᠨ ᠰᠢ ᠮᠤᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠠᠤᠯᠢ ᠶᠢᠨ ᠶᠠᠪᠤᠳᠠᠯ ᠤᠨ ᠬᠡᠯᠲᠡᠰ ᠦᠨ ᠳᠠᠷᠤᠭ᠎ᠠ ᠯᠢᠦ ᠰᠢᠨ ᠬᠤᠶ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ ᠬᠠᠶᠢᠷ᠎ᠠ ᠬᠠᠯᠠᠮᠵᠢ ᠬᠦᠷᠭᠡᠬᠦ ᠶᠣᠰᠣᠯᠠᠯ ᠳᠤ ᠣᠷᠣᠯᠴᠠᠪᠠ᠃    25 ᠤ ᠡᠳᠦᠷ ᠤᠨ ᠦᠳᠡ ᠶᠢᠨ ᠡᠮᠦᠨ᠎ᠡ᠂ ᠱᠠᠨ ᠰᠢ ᠮᠤᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠭᠦᠨ ᠵᠤᠵᠠᠭᠠᠨ ᠬᠠᠶᠢᠷ᠎ᠠ ᠰᠡᠳᠬᠢᠯᠭᠡ᠂ ᠬᠦᠰᠡᠯ ᠡᠷᠡᠮᠡᠯᠵᠡᠯ ᠢ ᠡᠪᠦᠷᠯᠡᠨ ᠠᠯᠤᠰ ᠬᠤᠯᠠ ᠠᠴᠠ ᠢᠷᠡᠵᠦ᠂ ᠨᠠᠨ ᠲᠠᠢᠽᠢ ᠪᠠᠭ᠎ᠠ ᠰᠤᠷᠭᠠᠭᠤᠯᠢ ᠳᠤ ᠬᠦᠷᠴᠦ᠂ 292 ᠰᠤᠷᠤᠭᠴᠢᠳ ᠲᠤ ᠪᠠᠷᠤᠭ 15 ᠲᠦᠮᠡᠨ ᠲᠥᠭᠦᠷᠢᠭ ᠤᠨ ᠪᠢᠴᠢᠭ ᠤᠨ ᠬᠡᠷᠡᠭᠰᠡᠯ᠂ ᠨᠣᠮ ᠪᠢᠴᠢᠭ᠂ ᠬᠤᠪᠴᠠᠰᠤ ᠬᠤᠨᠠᠷ ᠵᠡᠷᠭᠡ ᠡᠳ᠋ ᠪᠣᠳᠠᠰ ᠬᠠᠨᠳᠢᠪᠯᠠᠵᠤ᠂ ᠪᠠᠶᠠᠷ ᠤᠨ ᠡᠳᠦᠷ ᠤᠨ ᠵᠦᠩᠨᠡᠯ ᠳᠡᠪᠰᠢᠭᠦᠯᠬᠦ ᠶᠢᠨ ᠬᠠᠮᠲᠤ ᠰᠤᠷᠭᠠᠨ ᠬᠥᠮᠦᠵᠢᠯ ᠤᠨ ᠡᠮᠦᠨ᠎ᠡ ᠹᠷᠣᠨᠲ ᠲᠤ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠭ᠎ᠠ ᠥᠷᠭᠡᠨ ᠣᠯᠠᠨ ᠪᠠᠭᠰᠢ ᠨᠠᠷ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠡᠶ᠃ ᠱᠠᠨ ᠰᠢ ᠶᠢᠨ ᠷᠦᠢ ᠵᠢᠶ ᠵᠥᠩ ᠲᠦᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠣᠣ ᠰᠢᠶᠤᠤ ᠯᠦᠩ ᠲᠣᠰ ᠤᠳᠠᠭᠠᠨ ᠤ ᠬᠠᠶᠢᠷ᠎ᠠ ᠬᠠᠯᠠᠮᠵᠢ ᠶᠢᠨ ᠡᠳ᠋ ᠪᠣᠳᠠᠰ ᠤᠨ ᠲᠡᠭᠡᠭᠡᠪᠦᠷᠢ ᠶᠢᠨ ᠵᠠᠷᠤᠳᠠᠯ ᠢ 6000 ᠭᠠᠷᠤᠶ ᠲᠥᠭᠦᠷᠢᠭ ᠬᠡᠯᠲᠦᠷᠢᠭᠦᠯᠪᠡ᠃    ᠲᠤᠬᠠᠶ ᠶᠢᠨ ᠲᠠᠯᠠᠪᠤᠷ ᠲᠤ᠂ ᠯᠢ ᠶᠠᠨ ᠵᠡᠷᠭᠡ ᠬᠥᠮᠦᠰ ᠪᠢᠴᠢᠭ ᠤᠨ ᠬᠡᠷᠡᠭᠰᠡᠯ ᠪᠣᠯᠤᠨ ᠰᠤᠷᠭᠠᠭᠤᠯᠢ ᠶᠢᠨ ᠬᠤᠪᠴᠠᠰᠤ ᠪᠠᠨ ᠬᠡᠤᠬᠡᠳ ᠤᠳ ᠲᠤ ᠲᠦᠭᠡᠭᠡᠨ ᠥᠭᠭᠦᠭᠰᠡᠨ ᠪᠥᠭᠡᠳ ᠬᠡᠤᠬᠡᠳ ᠤᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠪᠣᠯᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠢ ᠬᠦᠯᠢᠴᠡᠩᠭᠦᠶ ᠪᠠᠷ ᠠᠰᠠᠭᠤᠨ ᠣᠶᠢᠯᠠᠭᠠᠵᠤ᠂ ᠲᠡᠳᠡᠨ ᠢ ᠰᠠᠶᠢᠲᠤᠷ ᠰᠤᠷᠤᠯᠴᠠᠵᠤ᠂ ᠪᠠᠶᠠᠰᠤᠩᠭᠤᠶ ᠥᠭᠡᠳᠡᠷᠬᠡᠭ ᠰᠡᠳᠬᠢᠯᠭᠡ ᠲᠠᠢ ᠪᠠᠶᠢᠬᠤ ᠶᠢ ᠵᠣᠷᠢᠭᠵᠢᠭᠤᠯᠤᠨ᠂ ᠲᠡᠳᠡᠨ ᠤ ᠰᠤᠷᠤᠯᠭ᠎ᠠ ᠠᠮᠵᠢᠯᠲᠠ ᠲᠠᠢ ᠪᠣᠯᠬᠤ ᠶᠢ ᠬᠦᠰᠡᠪᠡ᠃    ︽ᠲᠠ ᠨᠠᠷ ᠤᠨ ᠬᠠᠷᠠᠮ ᠦᠭᠡᠶ ᠬᠠᠪᠰᠤᠷᠤᠯᠭ᠎ᠠ ᠪᠠᠶᠢᠭᠰᠠᠨ ᠠᠴᠠ ᠪᠢᠳᠡ ᠨᠡᠩ ᠢᠯᠡᠭᠦᠦ ᠢᠲᠡᠭᠡᠯ ᠲᠡᠭᠦᠯᠳᠡᠷ ᠪᠣᠯᠵᠤ ᠪᠠᠶᠢᠨ᠎ᠠ᠂ ᠢᠷᠡᠭᠡᠳᠦᠶ ᠳᠤ ᠠᠪᠠᠭ᠎ᠠ ᠠᠨᠢᠶ᠎ᠠ ᠲᠠᠢ ᠪᠠᠨ ᠠᠳᠠᠯᠢ ᠪᠠᠷ ᠦᠨᠡᠨ ᠰᠡᠳᠬᠢᠯ ᠢᠶᠠᠷ ᠢᠶᠠᠨ ᠨᠡᠶᠢᠭᠡᠮ ᠳᠤ ᠠᠴᠢ ᠬᠠᠷᠢᠭᠤᠯᠵᠤ᠂ ᠦᠢᠯᠡ ᠠᠵᠢᠯᠯᠠᠭ᠎ᠠ ᠪᠠᠷ ᠢᠶᠠᠨ ᠡᠬᠡ ᠣᠷᠣᠨ ᠳᠠᠭᠠᠨ ᠠᠴᠢ ᠬᠠᠷᠢᠭᠤᠯᠤᠨ᠎ᠠ ︾ ᠭᠡᠵᠦ ᠰᠤᠷᠤᠭᠴᠢ ᠳ᠋ᠤᠸᠠᠨ ᠵᠢᠶᠠ ᠰᠢᠨ ᠴᠣ᠋ ᠰᠢᠨ᠎ᠡ ᠰᠤᠷᠤᠯᠭ᠎ᠠ ᠶᠢᠨ ᠬᠡᠷᠡᠭᠰᠡᠯ ᠢᠶᠠᠨ ᠡᠷᠭᠦᠵᠦ᠂ ᠪᠠᠶᠠᠷ ᠬᠦᠷ ᠲᠠᠢ ᠬᠡᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号