ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠯᠢ ᠶᠢᠨ ᠼᠠᠢ ᠨᠠᠷ ᠬᠠᠷᠠᠴᠢᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/25
     5 ᠳ᠋ᠤᠭᠠᠷ ᠰᠠᠷ᠎ᠠ ᠶᠢᠨ 23 ᠤ ᠦᠳᠡ ᠶᠢᠨ ᠬᠤᠶᠢᠨ᠎ᠠ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠯᠢ ᠶᠢᠨ ᠼᠠᠢ ᠨᠠᠷ ᠬᠠᠷᠠᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠪᠠᠷ᠎ᠠ ᠪᠣᠯᠵᠣ ᠶᠠᠷᠢᠯᠴᠠᠬᠤ ᠬᠤᠷᠠᠯ ᠬᠢᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠨᠡᠪᠲᠡᠷᠡᠯᠴᠡᠨ ᠰᠣᠯᠢᠯᠴᠠᠬᠤ᠂ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠯᠥᠪᠵᠢᠭᠦᠯᠭᠡ᠂ ᠢᠷᠡᠭᠡᠳᠦᠶ ᠶᠢᠨ ᠬᠥᠭᠵᠢᠯᠲᠡ ᠂ ᠲᠥᠷᠥᠯ ᠵᠦᠢᠯ ᠤᠨ ᠶᠡᠷᠦᠩᠬᠡᠶᠢᠯᠡᠭᠰᠡᠨ ᠪᠠᠲᠤᠯᠠᠭ᠎ᠠ ᠪᠠ ᠣᠳᠣᠬᠢᠴᠢᠯᠠᠭᠰᠠᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠯᠠ ᠲᠣᠬᠢᠷᠠᠭᠤᠯᠭ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠵᠥᠪᠳᠡᠯᠴᠡᠨ᠎ᠡ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠤᠯᠠᠭᠠᠨᠬᠠᠳᠠ ᠶᠢᠨ ᠬᠤᠩ ᠹᠦ᠋ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠪᠡᠭᠡᠵᠢᠩ ᠤᠨ ᠬᠤᠩ ᠹᠦ᠋ ᠪᠦᠯᠦᠭᠯᠡᠯ ᠳᠤ ᠬᠠᠷᠢᠶᠠᠯᠠᠭᠳᠠᠵᠤ᠂ ᠰᠠᠭᠤᠷᠢ ᠪᠠᠷ ᠵᠤᠵᠠᠭᠠᠨ᠂ ᠪᠣᠳᠠᠲᠤ ᠬᠦᠴᠦᠨ ᠢᠶᠠᠷ ᠴᠢᠩᠭ᠎ᠠ᠂ ᠬᠥᠳᠡᠯᠭᠡᠬᠦ ᠬᠦᠴᠦᠨ ᠢᠶᠠᠷ ᠴᠢᠩᠭ᠎ᠠ ᠣᠯᠠᠨ ᠡᠰᠢᠵᠢᠭᠰᠡᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠪᠦᠯᠦᠭᠯᠡᠯ ᠪᠣᠯᠤᠭᠰᠠᠨ ᠤ ᠬᠤᠪᠢ ᠳᠤ᠂ ᠲᠡᠭᠦᠨ ᠤ ᠭᠤᠣᠯ ᠪᠠᠶᠢᠯᠳᠤᠬᠤ ᠪᠤᠳᠤᠯᠭ᠎ᠠ ᠶᠢᠨ ᠲᠤᠬᠠᠶᠢᠯᠠᠭᠰᠠᠨ ᠠᠵᠢᠯ ᠪᠣᠯᠬᠤ ᠬᠤᠩ ᠹᠦ᠋ ᠬᠥᠳᠡᠭᠡ ᠠᠵᠤ ᠠᠬᠤᠢ ᠨᠢᠭᠡᠨᠲᠡ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠪᠦᠬᠦ ᠬᠡᠯᠬᠢᠶ᠎ᠡ ᠶᠢᠨ ᠠᠵᠤ ᠦᠢᠯᠡᠰ ᠢ ᠪᠠᠶᠢᠷᠢᠰᠢᠭᠤᠯᠪᠠ᠂ ᠪᠦᠳᠦᠭᠡᠨ ᠪᠠᠶᠢᠭᠤᠯᠤᠯᠲᠠ ᠶᠢᠨ ᠪᠠᠩᠬᠢ ᠲᠡᠭᠦᠨ ᠤ ᠠᠯᠤᠰ ᠢᠷᠡᠭᠡᠳᠦᠢ ᠶᠢ ᠮᠠᠰᠢ ᠰᠠᠶᠢᠨ ᠬᠠᠷᠠᠵᠤ᠂ ᠬᠤᠯᠪᠣᠭᠳᠠᠯ ᠪᠦᠬᠦᠢ ᠬᠦᠷᠢᠶᠡᠨ ᠤ ᠲᠤᠬᠠᠢ ᠭᠦᠨᠵᠡᠭᠡᠢ ᠵᠥᠪᠳᠡᠯᠴᠡᠵᠦ᠂ ᠪᠡᠯᠡ ᠮᠥᠩᠭᠦ ᠴᠤᠭᠯᠠᠭᠤᠯᠬᠤ ᠵᠥᠪᠯᠡᠯᠴᠡᠭᠡᠷ ᠢ ᠴᠢᠷᠮᠠᠶᠢᠨ ᠲᠤᠬᠢᠷᠠᠯᠴᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠪᠡᠶᠡᠯᠡᠭᠦᠯᠵᠦ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃     ᠹᠠᠩ ᠷᠦᠢ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠠᠴᠠ ᠨᠠᠰᠢ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠰᠢᠨ᠎ᠡ ᠬᠥᠳᠡᠯᠭᠡᠭᠴᠢ ᠡᠨᠧᠷᠭᠢ ᠶᠢ ᠡᠷᠢᠯᠬᠢᠯᠡᠬᠦ ᠶᠠᠪᠤᠳᠠᠯ ᠢ ᠬᠠᠷᠠᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠵᠤ ᠦᠢᠯᠡᠰ ᠢ ᠠᠳᠬᠤᠬᠤ᠂ ᠲᠠᠪᠴᠠᠩ ᠪᠠᠶᠢᠭᠤᠯᠬᠤ᠂ ᠪᠠᠯᠠ ᠣᠷᠣᠭᠤᠯᠤᠯᠲᠠ ᠶᠢ ᠠᠬᠢᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠵᠢᠯᠣᠭᠤᠳᠣᠯᠭ᠎ᠠ ᠪᠣᠯᠭᠠᠵᠤ᠂ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ ᠠᠵᠤ ᠠᠬᠤᠶᠢᠯᠠᠯ ᠳᠠᠰᠢ ᠬᠡᠯᠪᠠᠶᠢᠯᠭᠡᠬᠦ ᠶᠢᠨ ᠬᠠᠮᠲᠤ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠢᠪᠡᠭᠡ ᠭᠤᠤᠯ ᠤᠨ ᠰᠠᠪᠠ ᠭᠠᠵᠠᠷ ᠤᠨ ᠵᠠᠭᠤᠨ ᠺᠢᠯᠣᠮᠧᠲᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠷᠢᠶᠠᠯᠠᠩ ᠰᠣᠶᠣᠯ ᠵᠢᠭᠤᠯᠴᠢᠯᠠᠯ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠴᠢᠬᠤᠯᠠ ᠲᠥᠷᠥᠯ ᠵᠦᠢᠯ ᠤᠨ ᠨᠢᠭᠡ ᠪᠣᠯᠭᠠᠨ᠎ᠠ᠃ ᠮᠠᠨ ᠤ ᠬᠤᠰᠢᠭᠤ ᠬᠠᠷᠢᠶᠠᠲᠤ ᠣᠷᠣᠨ ᠤ ᠪᠠᠨ ᠬᠠᠷᠢᠭᠤᠴᠠᠯᠭ᠎ᠠ ᠶᠢ ᠡᠷᠡᠰ ᠭᠦᠢᠴᠡᠳᠬᠡᠵᠦ ᠂ ᠲᠤᠰᠬᠠᠶ ᠠᠩᠭᠢ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠠᠮᠤᠭ ᠤᠨ ᠰᠢᠯᠢᠳᠡᠭ᠂ ᠬᠠᠮᠤᠭ ᠤᠨ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠳᠤ ᠬᠠᠷᠠᠴᠢᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠢᠬᠤ ᠬᠡᠷᠡᠭᠲᠡᠢ ᠭᠡᠵᠠᠢ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠠᠵᠤ ᠠᠬᠤᠶᠢᠯᠠᠯ ᠤᠨ ᠲᠠᠯ᠎ᠠ ᠶᠢᠨ ᠬᠢᠨ ᠲᠠᠢ ᠪᠠᠯᠠ ᠲᠣᠬᠢᠷᠠᠭᠤᠯᠭ᠎ᠠ ᠶᠢᠨ ᠨᠠᠷᠢᠨ ᠵᠦᠢᠯᠡᠰ ᠤᠨ ᠠᠰᠠᠭᠤᠳᠠᠯ ᠤᠨ ᠲᠤᠬᠠᠶ ᠭᠦᠨᠵᠡᠭᠡᠶ ᠨᠡᠪᠲᠡᠷᠡᠯᠴᠡᠭᠰᠡᠨ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号