ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠪᠦᠯᠦᠭᠯᠡᠯ · ᠳᠤᠮᠳᠠᠳᠤ ᠤᠯᠤᠰ ᠤᠨ ᠠᠷᠠᠰᠤ ᠰᠢᠷᠢ ᠶᠢᠨ ᠱᠠᠬᠠᠶ ᠦᠢᠯᠡᠳᠬᠦ ᠰᠤᠳᠤᠯᠭᠠᠨ ᠤ ᠬᠦᠷᠢᠶᠡᠯᠡᠩ ᠤᠨ ︽ᠵᠠᠯᠠᠭᠤᠴᠤᠳ ᠪᠠᠭᠠᠴᠤᠳ ᠤᠨ ᠬᠥᠯ ᠤᠨ ᠡᠷᠡᠭᠦᠯ ᠮᠡᠨᠳᠦ ᠶᠢ ᠬᠠᠯᠠᠮᠵᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠬᠠᠪᠰᠤᠷᠤᠨ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠬᠠᠷᠠᠴᠢᠨ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2023/5/25
     5 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤ ︽ᠵᠠᠯᠠᠭᠤᠴᠤᠳ ᠪᠠᠭᠠᠴᠤᠳ ᠤᠨ ᠬᠥᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠬᠠᠪᠰᠤᠷᠤᠨ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠯᠢ ᠭᠦᠸᠧ᠂ ᠯᠢᠦ ᠸᠧᠶ᠂ ᠳᠤᠮᠳᠠᠳᠤ ᠤᠯᠤᠰ ᠤᠨ ᠠᠷᠠᠰᠤᠨ ᠱᠠᠬᠠᠶ ᠬᠢᠬᠦ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠫᠠᠩ ᠰᠢᠶᠤᠤ ᠶᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠰᠤ ᠰᠢᠷᠢ ᠶᠢᠨ ᠱᠠᠬᠠᠶ ᠬᠢᠬᠦ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠫᠠᠩ ᠰᠢᠶᠤᠤ ᠶᠠᠨ ᠲᠣᠰ ᠤᠳᠠᠭᠠᠨ ᠤ ᠬᠠᠪᠰᠤᠷᠤᠨ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠪᠦᠬᠦᠯᠢ ᠴᠣᠭᠴᠠ ᠶᠢᠨ ᠪᠠᠶᠢᠳᠠᠯ ᠢ ᠲᠠᠨᠢᠯᠴᠠᠭᠤᠯᠪᠠ︔ ᠯᠢᠦ ᠸᠧᠶ ᠠᠴᠠ ᠪᠦᠦ ᠯᠢ ᠪᠦᠯᠦᠭᠯᠡᠯ ᠤᠨ ᠮᠠᠨ ᠤ ᠬᠤᠰᠢᠭᠤ ᠶᠢ ᠬᠠᠪᠰᠤᠷᠤᠨ ᠲᠡᠳᠬᠦᠭᠰᠡᠨ ᠶᠡᠷᠦᠩᠬᠡᠶ ᠪᠠᠶᠢᠳᠠᠯ ᠢ ᠲᠠᠨᠢᠯᠴᠠᠭᠤᠯᠪᠠ︔ ᠸᠠᠩ ᠯᠢ ᠭᠦᠸᠧ ᠠᠵᠢᠯᠯᠠᠭ᠎ᠠ ᠶᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠬᠢᠵᠡᠢ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠠᠵᠢᠯᠯᠠᠭ᠎ᠠ ᠨᠢ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠲᠤ ᠬᠥᠯ ᠤᠨ ᠬᠡᠯᠪᠡᠷᠢ ᠶᠢᠨ ᠬᠡᠮᠵᠢᠯᠲᠡ ᠬᠢᠬᠦ ᠪᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠥᠯ ᠤᠨ ᠡᠷᠡᠭᠦᠯ ᠮᠡᠨᠳᠦ ᠶᠢᠨ ᠪᠠᠶᠢᠳᠠᠯ ᠢ ᠨᠠᠩ ᠰᠠᠶᠢᠨ ᠣᠶᠢᠯᠠᠭᠠᠭᠤᠯᠬᠤ ᠶᠢᠨ ᠬᠠᠮᠲᠤ ᠮᠡᠷᠭᠡᠵᠢᠯ ᠤᠨ ᠲᠥᠰᠦᠯ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠵᠠᠯᠠᠭᠤᠴᠤᠳ ᠪᠠᠭᠠᠴᠤᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠡᠷᠡᠭᠦᠯ ᠬᠠᠮᠠᠭᠠᠯᠠᠯ ᠢᠶᠠᠷ ᠬᠥᠯ ᠬᠡᠷᠡᠭᠯᠡᠬᠦ ᠶᠢ ᠰᠤᠷᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠯ ᠤᠨ ᠬᠡᠰᠡᠭ ᠤᠨ ᠡᠷᠡᠭᠦᠯ ᠢᠶᠠᠷ ᠪᠤᠶᠢᠵᠢᠬᠤ ᠶᠢ ᠠᠬᠢᠭᠤᠯᠬᠤ ᠶᠢᠨ ᠲᠥᠯᠥᠭᠡ ᠶᠤᠮ᠃ ᠬᠤᠷᠠᠯ ᠤᠨ ᠳᠠᠷᠠᠭ᠎ᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ ᠨᠡᠷ ᠵᠢᠨᠱᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ ᠰᠤᠷᠤᠭᠴᠢᠳ ᠤᠨ ᠬᠥᠯ ᠤᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠶᠢ ᠵᠢᠩᠬᠢᠨᠢ ᠪᠠᠷ ᠥᠷᠨᠢᠭᠦᠯᠪᠡ᠃     ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠪᠦᠯᠦᠭᠯᠡᠯ ᠤᠨ ᠬᠠᠷᠢᠶᠠᠨ ᠳᠠᠬᠢ ᠳᠤᠮᠳᠠᠳᠤ ᠤᠯᠤᠰ ᠤᠨ ᠠᠷᠠᠰᠤᠨ ᠱᠠᠬᠠᠶ ᠬᠢᠬᠦ ᠰᠤᠳᠤᠯᠭᠠᠨ ᠤ ᠬᠦᠷᠢᠶᠡᠯᠡᠩ ᠤᠨ ᠬᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ 20 ᠡᠳᠦᠷ ᠤᠨ ᠬᠤᠭᠤᠴᠠᠭ᠎ᠠ ᠲᠠᠢ ᠬᠠᠪᠰᠤᠷᠤᠨ ᠲᠡᠳᠬᠦᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠦᠨ᠎ᠡ᠂ ᠡᠭᠦᠨ ᠳᠤ ᠬᠥᠯ ᠤᠨ ᠡᠷᠡᠭᠦᠯ ᠮᠡᠨᠳᠦ ᠶᠢ ᠰᠢᠯᠭᠠᠨ ᠪᠠᠶᠢᠴᠠᠭᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠵᠡᠷᠭᠡ ᠡᠯᠪᠡᠭ ᠪᠠᠶᠠᠯᠢᠭ ᠠᠭᠤᠯᠭ᠎ᠠ ᠶᠢ ᠪᠠᠭᠲᠠᠭᠠᠵᠤ᠂ ᠵᠢᠨᠱᠠᠨ ᠨᠢᠭᠡᠳᠦᠭᠡᠷ ᠪᠠᠭ᠎ᠠ ᠰᠤᠷᠭᠠᠭᠤᠯᠢ᠂ ᠵᠢᠨᠱᠠᠨ ᠬᠤᠶᠠᠳᠤᠭᠠᠷ ᠪᠠᠭ᠎ᠠ ᠰᠤᠷᠭᠠᠭᠤᠯᠢ᠂ ᠵᠢᠨᠱᠠᠨ ᠭᠤᠷᠪᠠᠳᠤᠭᠠᠷ ᠪᠠᠭ᠎ᠠ ᠰᠤᠷᠭᠠᠭᠤᠯᠢ᠂ ᠸᠠᠩ ᠤᠨ ᠣᠷᠳᠣᠨ ᠤ ᠮᠣᠩᠭᠤᠯ ᠦᠨᠳᠦᠰᠦᠲᠡᠨ ᠤ ᠰᠤᠷᠭᠠᠭᠤᠯᠢ᠂ ᠨᠢᠦ ᠵᠢᠶᠠ ᠢᠩᠽᠢ ᠪᠠᠭ᠎ᠠ ᠰᠤᠷᠭᠠᠭᠤᠯᠢ᠂ ᠰᠢ ᠴᠢᠶᠣᠤ ᠰᠤᠷᠭᠠᠭᠤᠯᠢ ᠵᠡᠷᠭᠡ 6 ᠰᠤᠷᠭᠠᠭᠤᠯᠢ ᠶᠢ ᠬᠠᠮᠤᠷᠴᠤ᠂ ᠪᠥᠬᠦ ᠬᠤᠰᠢᠭᠤᠨ ᠤ 9000 ᠭᠠᠷᠤᠶ ᠰᠣᠷᠣᠭᠴᠢ ᠳᠤ ᠠᠰᠢᠭ ᠬᠦᠷᠲᠡᠭᠡᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号