ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠸᠠᠩ ᠶᠧ ᠹᠦ᠋ ᠪᠠᠯᠭᠠᠰᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠲᠣᠭᠤᠷᠢᠨ ᠦᠵᠡᠬᠦ ᠭᠠᠵᠠᠷ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/26
     5 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠸᠠᠩ ᠶᠧ ᠹᠦ᠋ ᠪᠠᠯᠭᠠᠰᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠲᠣᠭᠤᠷᠢᠨ ᠦᠵᠡᠬᠦ ᠭᠠᠵᠠᠷ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      ᠹᠠᠩ ᠷᠦᠢ ᠤᠷᠢᠳ ᠬᠤᠵᠢᠳ ᠸᠠᠩ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠳᠤ᠂ ᠰᠢᠶᠠᠨ ᠶᠢᠩ ᠰᠧ ᠵᠡᠷᠭᠡ ᠭᠠᠵᠠᠷ ᠲᠤ ᠬᠦᠷᠴᠦ᠂ ᠵᠤᠭᠠᠴᠠᠯ ᠤᠨ ᠶᠡᠭᠡ ᠬᠤᠷᠠᠯ ᠤᠨ ᠲᠣᠭᠤᠷᠢᠨ ᠦᠵᠡᠬᠦ ᠭᠠᠵᠠᠷ ᠤᠨ ᠪᠡᠯᠡᠳᠬᠡᠯ ᠠᠵᠢᠯ ᠤᠨ ᠠᠬᠢᠴᠠ ᠶᠢ ᠨᠠᠷᠢᠨ ᠣᠶᠢᠯᠠᠭᠠᠪᠠ᠃ ᠹᠠᠩ ᠷᠦᠢ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠪᠣᠯ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠬᠥᠭᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ‍ ᠨᠢᠭᠡ ᠤᠳᠠᠭᠠᠨ ᠤ ᠴᠢᠬᠤᠯᠠ ᠶᠡᠭᠡ ᠬᠤᠷᠠᠯ ᠪᠣᠯᠤᠨ᠎ᠠ᠃ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠡᠩ ᠶᠡᠭᠡ ᠡᠷᠴᠢᠮ᠂ ᠨᠡᠩ ᠲᠦᠷᠭᠡᠨ ᠬᠤᠷᠳᠤᠴᠠ᠂ ᠨᠡᠩ ᠥᠨᠳᠥᠷ ᠦᠷ᠎ᠡ ᠪᠦᠲᠦᠮᠵᠢ ᠪᠠᠷ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠵᠦᠢᠯᠡᠰ ᠢᠶᠠᠨ ᠨᠠᠷᠢᠯᠢᠬᠵᠢᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠪᠡᠯᠡᠳᠬᠡᠯ ᠠᠵᠢᠯ ᠤᠨ ᠥᠷᠨᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠴᠢᠭ ᠪᠠᠶᠢᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ᠂ ᠵᠠᠮ ᠱᠤᠭᠤᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠵᠦ᠂ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨᠬᠦ ᠪᠣᠳᠠᠲᠠᠢ ᠪᠥᠭᠡᠳ ᠨᠠᠷᠢᠯᠢᠭ ᠰᠠᠶᠢᠲᠤᠷ ᠬᠢᠬᠦ ᠬᠡᠷᠡᠭᠲᠡᠢ᠃ ᠪᠡᠯᠡᠳᠬᠡᠯ ᠠᠵᠢᠯ ᠤᠨ ᠲᠥᠰᠦᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠦᠨᠳᠦᠲᠦ ᠵᠣᠴᠢᠳ ᠢ ᠬᠦᠯᠢᠶᠡᠨ ᠠᠪᠬᠤ᠂ ᠵᠤᠭᠠᠴᠠᠯ ᠤᠨ ᠵᠠᠮ ᠱᠤᠭᠤᠮ ᠵᠡᠷᠭᠡ ᠠᠵᠢᠯ ᠢ ᠨᠠᠷᠢᠯᠢᠬᠵᠢᠭᠤᠯᠵᠤ᠂ ᠶᠡᠭᠡ ᠬᠤᠷᠠᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ᠂ ᠥᠨᠳᠥᠷ ᠲᠦᠪᠰᠢᠨ ᠢᠶᠠᠷ ᠰᠠᠶᠢᠲᠤᠷ ᠪᠡᠯᠡᠳᠬᠡᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠥᠩᠭᠡᠷᠡᠭᠡᠯᠲᠡ ᠶᠢ ᠳᠣᠪᠤᠶᠢᠯᠭᠠᠨ᠂ ᠲᠡᠤᠬᠡ ᠰᠣᠶᠣᠯ ᠤᠨ ᠨᠠᠷᠠᠲᠤ ᠪᠠᠯᠭᠠᠰᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠲᠠᠢ ᠤᠶᠠᠯᠳᠤᠭᠤᠯᠵᠤ᠂ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠢ ᠨᠠᠷᠢᠯᠢᠭ ᠪᠣᠯᠪᠠᠰᠤᠷᠠᠭᠤᠯᠵᠤ᠂ ᠮᠠᠨ ᠤ ᠬᠤᠰᠢᠭᠤᠨ ᠤ ᠣᠨᠴᠠᠯᠢᠭ ᠢ ᠳᠡᠯᠭᠡᠨ ᠦᠵᠡᠭᠦᠯᠵᠦ᠂ ᠲᠡᠤᠬᠡ ᠰᠣᠶᠣᠯ ᠤᠨ ᠨᠠᠷᠠᠲᠤ ᠪᠠᠯᠭᠠᠰᠤ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠶ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号