ᠹᠠᠩ ᠷᠦᠢ ᠮᠠᠨ ᠤ ᠬᠤᠰᠢᠭᠤᠨ ᠤ 2023 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢ ᠤᠭᠲᠤᠬᠤ ᠶᠡᠭᠡ ᠬᠤᠷᠠᠯ ᠤᠨ ᠪᠡᠯᠡᠳᠬᠡᠯ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/29
     5 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠮᠠᠨ ᠤ ᠬᠤᠰᠢᠭᠤᠨ ᠤ 2023 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢ ᠤᠭᠲᠤᠬᠤ ᠶᠡᠭᠡ ᠬᠤᠷᠠᠯ ᠤᠨ ᠪᠡᠯᠡᠳᠬᠡᠯ ᠬᠤᠷᠠᠯ ᠢ ᠡᠷᠭᠢᠯᠡᠨ ᠬᠤᠷᠠᠯᠳᠤᠭᠤᠯᠪᠠ᠂ ᠬᠤᠰᠢᠭᠤᠨ ᠤᠳᠤᠷᠢᠳᠤᠯᠭ᠎ᠠ ᠵᠠᠩ ᠬᠤᠸᠠ᠂ ᠮᠠ ᠶᠦᠩ ᠭᠠᠩ᠂ ᠳ᠋ᠦᠩ ᠯᠸᠢ᠂ ᠱᠢ ᡁᠢ ᠯᠢᠶᠠᠩ᠂ ᠶᠠᠩ ᠸᠧᠨ ᠳ᠋ᠦᠩ᠂ ᠪᠢᠴᠢᠭᠲᠦ᠂ ᠰᠢᠶᠧ ᠶᠦᠨ ᠰᠥᠩ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠤᠯᠪᠣᠭᠳᠠᠯ ᠪᠥᠬᠦᠶ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃     ᠬᠤᠷᠠᠯ ᠠᠴᠠ ᠵᠢᠭᠠᠵᠤ ᠭᠠᠷᠭᠠᠭᠰᠠ ᠨᠢ ᠂ ᠪᠦᠬᠦ ᠣᠷᠣᠨ ᠤ ᠠᠩᠬᠠᠳᠤᠭᠠᠷ ᠬᠤᠭᠤᠴᠠᠭᠠᠨ ᠤ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠢ ᠰᠠᠶᠢᠲᠤᠷ ᠡᠷᠬᠢᠯᠡᠬᠦ ᠪᠣᠯ ᠬᠤᠳᠠ ᠶᠢᠨ ᠨᠠᠮ ᠤᠨ ᠬᠤᠷᠢᠶ᠎ᠡ ᠂ ᠵᠠᠰᠠᠭ ᠤᠨ ᠣᠷᠳᠣᠨ ᠤ ᠲᠤᠰᠢᠶᠠᠭᠰᠠᠨ ᠴᠢᠬᠤᠯᠠ ᠡᠭᠦᠷᠭᠡ ᠪᠣᠯᠤᠨ᠎ᠠ᠂ ᠮᠠᠨ ᠤ ᠬᠤᠰᠢᠭᠤᠨ ᠤ ᠭᠠᠳᠠᠭᠠᠳᠤ ᠳᠤ ᠬᠠᠨᠳᠤᠭᠤᠯᠤᠭᠰᠠᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠵᠦ᠂ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠥᠬᠦᠶ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠠᠢ᠃     ᠬᠤᠷᠠᠯ ᠠᠴᠠ ᠴᠢᠩᠭᠠᠳᠬᠠᠭᠰᠠᠨ ᠨᠢ ᠂ ᠠᠵᠢᠯ ᠤᠨ ᠲᠥᠰᠦᠯ ᠢᠶᠠᠨ ᠳᠠᠰᠤᠷᠠᠯᠳᠠ ᠦᠬᠡᠢ ᠰᠢᠯᠢᠳᠡᠭᠵᠢᠭᠦᠯᠵᠦ᠂ ᠥᠨᠳᠥᠷ ᠪᠠᠷᠢᠮᠵᠢᠶ᠎ᠠ ᠲᠠᠢ᠂ ᠥᠨᠳᠥᠷ ᠶᠠᠰᠤ ᠴᠢᠨᠠᠷ ᠲᠠᠢ᠂ ᠥᠨᠳᠥᠷ ᠲᠦᠪᠰᠢᠨ ᠢᠶᠠᠷ ᠳᠤᠰ ᠤᠳᠠᠭ᠎ᠠ ᠶᠢᠨ ᠶᠡᠭᠡ ᠬᠤᠷᠠᠯ ᠢ ᠰᠠᠶᠢᠲᠤᠷ ᠡᠷᠬᠢᠯᠡᠬᠦ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠸᠠᠩ ᠶᠧ ᠹᠦ᠋ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠭᠠᠵᠠᠷ᠂ ᠮᠠ ᠠᠨ ᠱᠠᠨ ᠤ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ᠂ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠵᠡᠷᠭᠡ ᠴᠢᠬᠤᠯᠠ ᠦᠵᠡᠭᠦᠯᠦᠯᠭᠡ ᠶᠢᠨ ᠴᠡᠭ ᠢ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ᠂ ᠬᠦᠴᠦᠨ ᠴᠢᠳᠠᠯ ᠢᠶᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠪᠠᠷᠢᠯᠭ᠎ᠠ ᠶᠢᠨ ᠠᠵᠢᠯ ᠢᠶᠠᠨ ᠲᠦᠷᠭᠡᠳᠬᠡᠵᠦ᠂ ᠡᠯ᠎ᠡ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠬᠡᠷᠡᠭᠲᠡᠢ᠃ ᠰᠣᠶᠣᠯ ᠵᠤᠭᠠᠴᠠᠯ ᠤᠨ ᠴᠢᠳᠠᠪᠤᠷᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠭᠤᠣᠯ ᠰᠡᠳᠦᠪ ᠤᠨ ᠲᠣᠭᠤᠷᠢᠨ ᠳᠤ᠂ ᠮᠠᠨ ᠤ ᠬᠤᠰᠢᠭᠤᠨ ᠤ ᠲᠡᠦᠬᠡ ᠰᠣᠶᠣᠯ ᠤᠨ ᠨᠡᠷᠡᠳᠦ ᠪᠠᠯᠭᠠᠰᠤ᠂ ᠬᠤᠪᠢᠰᠬᠠᠯ ᠤᠨ ᠰᠤᠷᠭᠠᠨ ᠬᠥᠮᠦᠵᠢᠯ᠂ ᠬᠥᠳᠡᠭᠡ ᠲᠣᠰᠬᠤᠨ ᠤ ᠵᠤᠭᠠᠴᠠᠯ ᠵᠡᠷᠭᠡ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠵᠤᠭᠠᠴᠠᠯ ᠤᠨ ᠵᠠᠮ ᠱᠤᠭᠤᠮ ᠪᠣᠯᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠠᠷᠢᠯᠢᠭ ᠦᠷᠦᠵᠦ᠂ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠢᠶᠠᠷ ᠳᠠᠮᠵᠢᠨ ᠬᠠᠷᠠᠴᠢᠨ ᠬᠤᠰᠢᠭᠤᠨ ᠤ ᠣᠨᠴᠠᠯᠢᠭ ᠢ ᠭᠦᠢᠴᠡᠳ ᠢᠯᠡᠷᠡᠭᠦᠯᠵᠦ᠂ ᠬᠠᠷᠠᠴᠢᠨ ᠬᠤᠰᠢᠭᠤᠨ ᠤ ᠴᠢᠨᠠᠷ ᠴᠢᠨᠰᠠᠭ᠎ᠠ ᠶᠢ ᠢᠯᠡᠷᠡᠭᠦᠯᠬᠦ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠡᠯ᠎ᠡ ᠠᠬᠢᠭᠤᠯᠬᠤ ᠳᠤᠭᠤᠶᠢᠯᠠᠩ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠠᠵᠢᠯ ᠢ ᠤᠷᠤᠭᠰᠢᠲᠠᠢ ᠵᠣᠯᠭᠠᠭᠤᠯᠵᠤ᠂ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠲᠣᠰ ᠤᠳᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠰᠠᠶᠢᠲᠤᠷ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠮᠠᠨ ᠤ ᠬᠤᠰᠢᠭᠤᠨ ᠤ ᠲᠠᠷᠢᠶᠠᠯᠠᠩ ᠰᠣᠶᠣᠯ ᠤᠨ ᠵᠢᠭᠤᠯᠴᠢᠯᠠᠯ ᠡᠷᠡᠭᠦᠯ ᠮᠡᠨᠳᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠪᠥᠬᠦ ᠬᠤᠰᠢᠭᠤᠨ ᠤ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠤᠨ ᠵᠢᠭᠤᠯᠴᠢᠯᠠᠯ ᠤᠨ ᠠᠵᠤ ᠦᠢᠯᠡᠰ  ᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠳᠡᠯᠭᠡᠭᠴᠢ ᠬᠦᠴᠦᠨ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠠᠢ᠃     ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠡ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠠᠷᠢᠶ᠎ᠠ ᠲᠠᠯᠪᠢᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号