︽ᠢᠷᠭᠡᠨ ᠤ ᠬᠠᠤᠯᠢ ᠶᠢᠨ ᠪᠢᠴᠢᠭ︾ ᠢ ᠬᠥᠳᠡᠭᠡ ᠲᠣᠰᠬᠤᠨ ᠳᠤ ᠤᠬᠠᠭᠤᠯᠵᠤ᠂ ᠠᠷᠠᠳ ᠤᠨ ᠰᠡᠳᠬᠢᠯ ᠳᠤ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2023/5/29
    ᠢᠷᠭᠡᠨ ᠤ ᠬᠠᠤᠯᠢ ᠶᠢᠨ ᠪᠢᠴᠢᠭ ᠪᠣᠯ ᠮᠠᠨ ᠤ ᠤᠯᠤᠰ ᠤᠨ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ ᠶᠡᠭᠡ ᠦᠷ᠎ᠡ ᠪᠦᠲᠦᠭᠡᠯ ᠮᠥᠨ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠢᠷᠭᠡᠨ ᠤ ᠬᠠᠤᠯᠢ ᠶᠢᠨ ᠪᠢᠴᠢᠭ ᠢ ᠣᠯᠠᠨ ᠲᠦᠮᠡᠨ ᠤ ᠳᠡᠷᠭᠡᠳᠡ ᠣᠶᠢᠷᠠᠲᠤᠭᠤᠯᠵᠤ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ 5 ᠰᠠᠷ᠎ᠠ ᠶᠢᠨ 29 ᠤ ᠡᠳᠦᠷ ᠬᠠᠷᠠᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠡ ︽ᠢᠷᠭᠡᠨ ᠤ ᠬᠠᠤᠯᠢ ᠶᠢᠨ ᠪᠢᠴᠢᠭ ᠢ ᠬᠥᠳᠡᠭᠡ ᠲᠣᠰᠬᠤᠨ ᠳᠤ ᠤᠬᠠᠭᠤᠯᠵᠤ ᠂ ᠠᠷᠠᠳ ᠤᠨ ᠰᠡᠳᠬᠢᠯ ᠳᠤ ᠬᠠᠳᠠᠩᠰᠢᠭᠤᠯᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠢᠭᠦᠬᠦ ᠲᠢᠩᠬᠢᠮ ᠤᠨ ᠺᠠᠳ᠋ᠷ ᠴᠠᠭᠳᠠᠭ᠎ᠠ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠢᠷᠭᠡᠨ ᠤ ᠬᠠᠤᠯᠢ ᠶᠢᠨ ᠪᠢᠴᠢᠭ ᠲᠠᠬᠢ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠤᠷᠤᠭ ᠭᠡᠷ ᠪᠦᠯᠢ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠵᠠᠯᠭᠠᠮᠵᠢᠯᠠᠬᠤ᠂ ᠵᠢᠭᠡᠯᠡᠯᠭᠡ ᠲᠠᠯᠪᠢᠬᠤ᠂ ᠡᠷᠬᠡ ᠳᠤ ᠬᠠᠯᠳᠠᠬᠤ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠨᠢᠭᠤᠷᠲᠠᠨ ᠰᠣᠯᠢᠯᠴᠠᠬᠤ ᠪᠠᠷ ᠳᠠᠮᠵᠢᠭᠤᠯᠤᠨ᠂ ᠣᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠭᠠᠵᠠᠷ ᠰᠢᠷᠣᠶ ᠶᠢᠨ ᠵᠢᠭᠤᠷᠠᠯᠳᠤᠭᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠬᠡᠷᠡᠭ ᠤᠨ ᠵᠢᠱᠢᠶ᠎ᠡ ᠶᠢ ᠦᠨᠳᠦᠰᠦᠯᠡᠨ ᠲᠡᠳᠡᠨ ᠳᠤ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ᠃    ᠨᠠᠷᠢᠨ ᠰᠢᠭᠦᠬᠦ ᠲᠢᠩᠬᠢᠮ ᠤᠨ ᠳᠠᠷᠤᠭ᠎ᠠ ᠺᠦᠩ ᠸᠧᠢ ᠹᠧᠩ᠄ ︽ᠡᠩ ᠤᠨ ᠦᠶ᠎ᠡ ᠳᠤ ᠲᠣᠰᠬᠤᠨ ᠤ ᠡᠳᠡᠬᠡᠷ ᠠᠷᠠᠳ ᠲᠠᠢ ᠨᠡᠯᠢᠶᠡᠳ ᠤᠯᠠᠨ ᠬᠠᠷᠢᠯᠴᠠᠳᠠᠭ᠂ ᠬᠠᠤᠯᠢ ᠴᠠᠭᠠᠵᠠ ᠶᠢᠨ ᠲᠤᠬᠠᠢ ᠶᠠᠷᠢᠭᠰᠠᠭᠠᠷ ᠯᠠ ᠪᠢᠳᠡᠨ ᠢ ᠬᠠᠤᠯᠢ ᠮᠡᠳᠡᠬᠦ ᠦᠬᠡᠢ ᠭᠡᠵᠦ ᠬᠡᠯᠡᠳᠡᠭ᠂ ᠥᠨᠥᠳᠦᠷ ᠪᠢᠳᠡ ᠨᠠᠷᠢᠨ ᠲᠣᠰᠬᠤᠨ ᠳᠤ ᠬᠦᠷᠴᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︿ᠢᠷᠭᠡᠨ ᠤ ᠬᠠᠤᠯᠢ ᠶᠢᠨ ᠪᠢᠴᠢᠭ﹀ ᠢ ᠬᠥᠳᠡᠭᠡ ᠲᠣᠰᠬᠤᠨ ᠤ ᠠᠷᠠᠳ ᠤᠯᠠᠨ ᠳᠤ ᠤᠢᠯᠭᠠᠭᠤᠯᠵᠤ᠂ ᠬᠦᠮᠦᠰ ᠦᠨ ᠰᠡᠳᠬᠢᠯ ᠳᠤ ᠬᠠᠳᠠᠩᠰᠢᠭᠤᠯᠵᠠᠢ︾ ᠭᠡᠵᠦ ᠬᠡᠯᠡᠪᠡ᠃    ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠤᠯᠠᠨ ᠲᠦᠮᠡᠨ ᠤ ᠢᠷᠭᠡᠨ ᠤ ᠬᠠᠤᠯᠢ ᠶᠢᠨ ᠪᠢᠴᠢᠭ ᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠥᠷᠭᠡᠨ ᠤᠯᠠᠨ ᠲᠦᠮᠡᠨ ᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠨᠡᠮᠡᠭᠳᠡᠭᠦᠯᠵᠦ᠂ ᠢᠷᠭᠡᠨ ᠤ ᠬᠠᠤᠯᠢ ᠶᠢᠨ ᠪᠢᠴᠢᠭ ᠢ ᠬᠡᠷᠡᠭᠯᠡᠨ ᠲᠤᠰ ᠪᠡᠶ᠎ᠡ ᠶᠢᠨ ᠡᠷᠬᠡ ᠠᠰᠢᠭ ᠢᠶᠠᠨ ᠰᠠᠶᠢᠲᠤᠷ ᠬᠠᠮᠠᠭᠠᠯᠠᠵᠤ᠂ ᠵᠥᠷᠢᠴᠡᠯ ᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠭᠰᠠᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠤᠯᠭᠠᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号