ᠾᠧ ᠮᠧᠶ ᠬᠦᠷᠢᠶᠡᠯᠡᠩ ᠲᠣᠭᠤᠷᠢᠭ ᠪᠤᠯᠤᠨ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/30
ᠾᠧ ᠮᠧᠶ ᠬᠦᠷᠢᠶᠡᠯᠡᠩ ᠲᠣᠭᠤᠷᠢᠭ ᠪᠤᠯᠤᠨ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ    5 ᠰᠠᠷ᠎ᠠ ᠶᠢᠨ 29 ᠤ ᠡᠳᠦᠷ᠂ ᠤᠯᠠᠭᠠᠨᠬᠠᠳᠠ ᠶᠢᠨ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠬᠠᠮᠲᠤᠷᠠᠭᠰᠠᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠬᠡᠯᠪᠡᠷᠢ ᠪᠠᠷ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠤᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠶᠠᠪᠤᠭᠳᠠᠭᠤᠯᠪᠠ᠃     ᠾᠧ ᠮᠧᠢ ᠬᠦᠷᠢᠶᠡᠯᠡᠩ ᠲᠣᠭᠤᠷᠢᠭ ᠤᠨ ᠳᠣᠲᠣᠷᠠᠬᠢ ᠳ᠋ᠦᠩ ᠢ ᠿᠢ ᠱᠧᠩ᠂ ᠴᠢᠤᠸᠠᠨ ᠶᠢᠦ ᠭᠡᠷ ᠤᠨ ᠬᠡᠷᠡᠭᠰᠡᠯ᠂ ᠶᠧ ᠯᠢᠦᠢ ᠵᠠᠭᠤᠴᠢᠯᠠᠭᠤᠷ ᠵᠡᠷᠭᠡ ᠪᠠᠷᠢᠯᠭ᠎ᠠ ᠶᠢᠨ ᠮᠠᠲ᠋ᠧᠷᠢᠶᠠᠯ ᠭᠡᠷ ᠤᠨ ᠬᠡᠷᠡᠭᠰᠡᠯ ᠤᠨ ᠠᠵᠤ ᠠᠬᠤᠶᠢᠯᠠᠯ ᠪᠣᠯᠤᠨ ᠤᠯᠠᠭᠠᠨᠬᠠᠳᠠ ᠬᠤᠳᠠ ᠶᠢᠨ ᠨᠥᠯᠥᠭᠡᠯᠡᠬᠦ ᠬᠦᠴᠦᠨ ᠲᠠᠢ ᠵᠠᠷ ᠮᠡᠳᠡᠭᠡᠨ ᠤ ᠵᠠᠭᠤᠴᠢᠯᠠᠭᠤᠷ ᠵᠡᠷᠭᠡ ᠭᠤᠣᠯᠳᠠᠯᠭ᠎ᠠ ᠲᠠᠢ ᠤᠯᠠᠨ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠴᠢᠨ ᠡᠯᠰᠡᠬᠦ  ᠳᠤ ᠣᠷᠣᠯᠴᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠰᠣᠶᠣᠯ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ᠂ ᠨᠡᠶᠢᠭᠡᠮ ᠳᠤ ᠦᠢᠯᠡᠴᠢᠯᠡᠬᠦ ᠵᠡᠷᠭᠡ ᠲᠠᠯ᠎ᠠ ᠪᠠᠷ ᠰᠤᠷᠭᠠᠭᠤᠯᠢ ᠯᠤᠭ᠎ᠠ ᠬᠠᠮᠲᠤᠷᠠᠯᠴᠠᠬᠤ ᠬᠦᠰᠡᠯ ᠰᠠᠨᠠᠭ᠎ᠠ ᠪᠠᠨ ᠢᠯᠡᠳᠬᠡᠵᠦ᠂ ᠬᠠᠮᠲᠤᠷᠠᠯᠴᠠᠭ᠎ᠠ ᠪᠠᠷ ᠳᠠᠮᠵᠢᠭᠤᠯᠤᠨ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠥᠭᠵᠢᠯᠲᠡ ᠶᠢ ᠬᠠᠮᠲᠤᠪᠠᠷ ᠡᠷᠢᠯᠬᠢᠯᠡᠬᠦ ᠶᠢ ᠬᠦᠰᠡᠵᠦ ᠪᠠᠶᠢᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ᠂ ᠪᠠᠷᠢᠯᠭ᠎ᠠ ᠶᠢᠨ ᠰᠠᠯᠪᠤᠷᠢ ᠠᠴᠠ ᠲᠡᠭᠦᠰᠦᠭᠰᠡᠨ ᠰᠤᠷᠤᠭᠴᠢᠳ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠳᠤ ᠣᠷᠣᠯᠴᠠᠵᠤ᠂ ᠠᠩᠬ᠎ᠠ ᠠᠯᠬᠤᠮ 15 ᠬᠥᠮᠦᠨ ᠳᠤ ᠠᠵᠢᠯ ᠣᠯᠭᠤᠬᠤ ᠰᠠᠨᠠᠮᠵᠢ ᠲᠤᠭᠲᠠᠪᠠ᠃     ᠲᠣᠰ ᠤᠳᠠᠭᠠᠨ ᠤ ᠠᠵᠢᠯᠯᠠᠭ᠎ᠠ ᠳᠦ ᠾᠧ ᠮᠧᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠳ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠠᠴᠠ 40 ᠳᠡᠭᠦᠰᠬᠦ ᠰᠤᠷᠤᠭᠴᠢᠳ ᠲᠤ ᠠᠵᠢᠯ ᠣᠯᠭᠤᠬᠤ ᠬᠦᠰᠡᠯ ᠲᠠᠢ ᠪᠠᠶᠢᠨ᠎ᠠ᠃ ᠣᠶᠢᠯᠠᠭᠠᠭᠰᠠᠨ ᠢᠶᠠᠷ᠂ ᠡᠶᠢᠮᠦᠷᠬᠦ ︽ ᠵᠠᠰᠠᠭ ᠤᠨ ᠤᠷᠳᠤᠨ ᠰᠤᠷᠭᠠᠭᠤᠯᠢ ᠠᠵᠤ ᠠᠬᠤᠶᠢᠯᠠᠯ︾ ᠤᠨ ᠬᠠᠮᠲᠤᠷᠠᠨ ᠠᠵᠢᠯᠲᠠᠨ ᠡᠯᠰᠡᠬᠦ ᠠᠵᠢᠯᠯᠠᠭ᠎ᠠ ᠶᠢ ᠨᠢᠭᠡᠨᠲᠡ ᠬᠤᠶᠠᠷ ᠬᠤᠭᠤᠴᠠᠭ᠎ᠠ ᠡᠷᠭᠢᠯᠡᠪᠡ᠃    ︽ᠬᠤᠶᠢᠰᠢᠳᠠ᠂ ᠪᠢᠳᠡ ᠰᠤᠷᠭᠠᠭᠤᠯᠢ ᠪᠠ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠭ᠎ᠠ ᠳᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠨ ᠦᠢᠯᠡᠴᠢᠯᠡᠵᠦ ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠴᠢᠳᠠᠪᠤᠷᠢᠲᠠᠨ ᠬᠢᠭᠡᠳ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠬᠡᠯᠡᠯᠴᠡᠭᠡᠷ ᠪᠠ ᠠᠵᠢᠯᠲᠠᠨ ᠡᠯᠰᠡᠬᠦ ᠴᠤᠭᠯᠠᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠰᠤᠷᠤᠭᠴᠢᠳ ᠤᠨ ᠠᠵᠢᠯ ᠣᠯᠭᠤᠯᠲᠠ ᠬᠢᠭᠡᠳ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ ᠬᠢᠭᠡᠳ ᠾᠧ ᠮᠧᠢ ᠬᠦᠷᠢᠶᠡᠯᠡᠩ ᠲᠣᠭᠤᠷᠢᠭ ᠤᠨ ᠠᠵᠤ ᠠᠬᠤᠢᠯᠠᠯ ᠢ ᠬᠠᠷᠢᠯᠴᠠᠨ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠬᠠᠮᠲᠤᠪᠠᠷ ᠬᠥᠮᠦᠵᠢᠭᠦᠯᠵᠦ᠂ ︿ᠵᠠᠰᠠᠭ ᠤᠨ ᠤᠷᠳᠤᠨ ᠰᠤᠷᠭᠠᠭᠤᠯᠢ ᠠᠵᠤ ᠠᠬᠤᠶᠢᠯᠠᠯ﹀ ᠤᠨ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠦ ᠤᠯᠠᠭᠠᠨᠬᠠᠳᠠ ᠶᠢᠨ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠯᠢᠦ ᠵᠢᠶᠠᠨ ᠳ᠋ᠦᠩ ᠢᠯᠡᠳᠬᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号