2023 ᠣᠨ ᠤ ᠤᠯᠠᠭᠠᠨᠬᠠᠳᠠ ᠬᠤᠲᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠩᠭᠦᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠭᠤᠤᠯ ᠰᠡᠳᠦᠪᠲᠦ ᠮᠡᠳᠡᠭᠦᠯᠦᠯᠲᠡ ᠶᠢᠨ ᠬᠤᠷᠠᠯ ᠬᠠᠷᠠᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/5/30
     5 ᠳ᠋ᠤᠭᠠᠷ ᠰᠠᠷ᠎ᠠ ᠶᠢᠨ 30 ᠤ ᠡᠳᠦᠷ᠂ 2023 ᠣᠨ ᠤ ᠤᠯᠠᠭᠠᠨᠬᠠᠳᠠ ᠬᠤᠲᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠩᠭᠦᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠭᠤᠤᠯ ᠰᠡᠳᠦᠪᠲᠦ ᠮᠡᠳᠡᠭᠦᠯᠦᠯᠲᠡ ᠶᠢᠨ ᠬᠤᠷᠠᠯ ᠮᠠᠨ ᠤ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ ᠤᠳᠬ᠎ᠠ ᠵᠣᠬᠢᠶᠠᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠤᠯᠠᠭᠠᠨᠬᠠᠳᠠ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠯᠢ ᠰᠢᠶᠦ᠋ᠩ᠂ ᠤᠯᠠᠭᠠᠨᠬᠠᠳᠠ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠣᠣ ᠭᠤᠸᠠᠩ ᠮᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠧ ᠹᠤᠩ ᠭᠦᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠰᠢᠶᠠᠨ ᠬᠤᠶ ᠬᠤᠷᠠᠯ ᠳᠤ ᠣᠷᠣᠯᠴᠠᠵᠠᠶ᠃     ᠳ᠋ᠦᠩ ᠯᠸᠢ ᠡᠬᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠬᠦ ᠳᠡᠭᠡᠨ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠦᠬᠦ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠶ ᠪᠤᠯᠭᠠᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠶᠢ ᠠᠪᠴᠤ᠂ ᠰᠢᠨᠵᠢᠯᠡᠬᠦ ᠤᠬᠠᠭᠠᠨᠴᠢ ᠤᠨᠤᠯ ᠢ ᠬᠢᠯᠪᠠᠷᠴᠢᠯᠠᠵᠤ᠂ ᠪᠣᠳᠠᠲᠠᠶᠢᠵᠢᠭᠤᠯᠵᠤ᠂ ᠳᠦᠷᠰᠦᠯᠢᠭ ᠪᠣᠯᠭᠠᠵᠤ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠬᠤ ᠪᠠ ᠬᠠᠪᠰᠤᠷᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠡᠵᠡᠮᠰᠢᠭᠦᠯᠵᠦ᠂ ᠨᠡᠩ ᠤᠯᠠᠨ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠤᠢᠢᠯᠠᠭᠠᠨ ᠡᠵᠡᠮᠰᠢᠭᠦᠯᠵᠦ᠂ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠡᠷᠡᠭᠲᠡᠢ᠃     ᠵᠠᠩ ᠯᠢ ᠰᠢᠶᠦ᠋ᠩ ᠶᠠᠷᠢᠶᠠᠨ ᠳᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠵᠤ᠂ ᠪᠦᠬᠦ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡᠴᠢᠯᠡᠨ ᠪᠦᠬᠦ ᠬᠤᠲᠠ ᠶᠢᠨ ᠥᠷᠭᠡᠨ ᠣᠯᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠦᠢᠯᠡᠰ ᠢ ᠲᠠᠰᠤᠷᠠᠯᠲᠠ ᠦᠭᠡᠢ ᠴᠡᠴᠡᠭᠯᠡᠭᠦᠯᠦᠨ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠠᠢ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠩᠭᠦᠶ ᠠᠵᠢᠯᠯᠠᠭ᠎ᠠ ᠶᠢ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠷᠠᠴᠢᠨ ᠤᠷᠠᠨ ᠪᠢᠴᠢᠯᠭᠡ ᠤᠷᠠᠨ ᠵᠢᠷᠤᠭ ᠤᠳᠬ᠎ᠠ ᠵᠣᠬᠢᠶᠠᠯ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ︽ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠪᠠᠶᠢᠨ᠎ᠠ᠃ ᠮᠠᠨ ᠤ ᠬᠤᠰᠢᠭᠤᠨ ᠤ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠺᠠᠳ᠋ᠷ ᠠᠵᠢᠯᠲᠠᠨ᠂ ᠵᠢᠨᠱᠠᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠪᠣᠯᠤᠨ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ ᠤᠳᠬ᠎ᠠ ᠵᠣᠬᠢᠶᠠᠯ ᠤᠨ ᠬᠦᠷᠢᠶᠡᠯᠡᠩ ᠤᠨ ᠬᠡᠰᠡᠭ ᠤᠷᠠᠨ ᠪᠢᠴᠢᠯᠭᠡ ᠤᠷᠠᠨ ᠵᠣᠬᠢᠶᠠᠯ ᠰᠣᠨᠢᠷᠬᠠᠭᠴᠢᠳ ᠠᠵᠢᠯᠯᠠᠭ᠎ᠠ ᠳᠤ ᠣᠷᠣᠯᠴᠠᠵᠠᠶ᠃     ᠶᠣᠰᠣᠯᠠᠯ ᠳᠡᠭᠡᠷ᠎ᠡ 2023 ᠣᠨ ᠤ ᠤᠯᠠᠭᠠᠨᠬᠠᠳᠠ ᠬᠤᠳᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠲᠥᠪᠯᠡᠷᠡᠯ ᠤᠨ ᠠᠵᠢᠯᠯᠠᠭ᠎ᠠ ᠶᠢᠨ ᠲᠤᠬᠢᠷᠠᠭᠤᠯᠤᠯᠳᠠ ᠶᠢ ᠨᠡᠶᠢᠲᠡᠯᠡᠵᠡᠢ᠃ ᠶᠣᠰᠣᠯᠠᠯ ᠲᠡᠭᠦᠰᠦᠭᠰᠡᠨ ᠤ ᠲᠠᠷᠠᠭ᠎ᠠ᠂ ᠬᠢᠴᠢᠶᠡᠯ ᠵᠢᠭᠠᠬᠤ ᠪᠠᠭᠰᠢ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠵᠦ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠳᠦᠬᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠨ ᠲᠤᠰᠬᠠᠢ ᠰᠡᠳᠦᠪᠲᠦ ᠲᠠᠶᠢᠯᠤᠮᠵᠢ ᠬᠢᠵᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号