ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ︽5.1︾ ᠤ ᠠᠮᠠᠷᠠᠯᠲᠠ ᠶᠢᠨ ᠬᠤᠭᠤᠴᠠᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠥᠬᠦ ᠬᠤᠰᠢᠭᠤᠨ ᠤ ᠵᠠᠮ ᠲᠡᠭᠡᠭᠡᠪᠦᠷᠢ ᠶᠢᠨ ᠠᠮᠤᠷ ᠲᠦᠪᠰᠢᠨ ᠤ ᠰᠠᠭᠠᠳ ᠥᠬᠡᠶ ᠶᠠᠪᠤᠭᠳᠠᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/5/5
     ︽5 . 1︾ ᠤ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠤ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠪᠥᠬᠦ ᠬᠤᠰᠢᠭᠤᠨ ᠤ ᠵᠠᠮ ᠲᠡᠭᠡᠭᠡᠪᠦᠷᠢ ᠶᠢᠨ ᠠᠮᠤᠷ ᠲᠦᠪᠰᠢᠨ ᠤᠷᠤᠭᠰᠢᠲᠠᠶ ᠪᠠᠶᠢᠬᠤ ᠶᠢ ᠪᠥᠬᠦ ᠬᠦᠴᠦᠨ ᠢᠶᠠᠷ ᠪᠠᠲᠤᠯᠠᠵᠤ᠂ ᠪᠥᠬᠦ ᠬᠤᠰᠢᠭᠤᠨ ᠤ ᠵᠠᠮ ᠲᠡᠭᠡᠭᠡᠪᠦᠷᠢ ᠶᠢᠨ ᠣᠷᠴᠢᠨ ᠲᠣᠭᠤᠷᠢᠨ ᠶᠡᠷᠦᠩᠬᠡᠶ ᠳᠡᠭᠡᠨ ᠲᠣᠭᠲᠠᠭᠤᠨ ᠪᠠᠢᠬᠤ ᠶᠢ ᠪᠠᠲᠤᠯᠠᠪᠠ᠃     ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠰᠢᠮᠳᠠᠭᠤᠯᠵᠤ ᠪᠠᠶᠢᠭᠠᠳ ︽ᠥᠷᠲᠡᠭᠡ ᠠᠴᠠ ᠭᠠᠷᠬᠤ ᠲᠦᠷᠢᠮ︾ ︽ᠡᠵᠡᠩᠨᠡᠯᠲᠡ ᠶᠢᠨ ᠠᠶᠠᠨᠴᠢᠳ ᠤᠨ ᠲᠡᠷᠭᠡ ᠶᠢᠨ ᠠᠮᠤᠷ ᠲᠦᠪᠰᠢᠨ ᠤ ᠵᠤᠷᠰᠢᠯ ᠤᠨ ᠪᠠᠶᠢᠴᠠᠭᠠᠯᠲᠠ ᠶᠢᠨ ᠲᠦᠷᠢᠮ︾ ᠵᠡᠷᠭᠡ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠡᠭᠡᠭᠡᠪᠦᠷᠢ ᠶᠢᠨ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠮ ᠲᠡᠭᠡᠭᠡᠪᠦᠷᠢ ᠶᠢᠨ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠡᠬᠢ ᠡᠭᠦᠰᠦᠯ ᠤᠨ ᠪᠣᠭᠤᠮᠲᠠ ᠶᠢ ᠪᠠᠲᠤ ᠡᠵᠡᠮᠳᠡᠬᠦ ᠬᠡᠷᠡᠭᠲᠡᠶ᠃     ᠵᠠᠮ ᠲᠡᠭᠡᠭᠡᠪᠦᠷᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠠᠮᠲᠤᠷᠠᠭᠰᠠᠨ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠵᠦ ᠬᠠᠮᠵᠢᠯᠴᠠᠨ ᠪᠠᠶᠢᠯᠳᠤᠬᠤ ᠶᠢ ᠴᠢᠩᠭᠠᠳᠬᠠᠵᠤ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠮᠤᠵᠢ ᠶᠢᠨ ᠬᠤᠭᠤᠷᠣᠨᠳᠣᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢ ᠴᠢᠩᠭ᠎ᠠ ᠪᠠᠶᠢᠴᠠᠭᠠᠵᠤ᠂ ᠨᠠᠷᠢᠯᠢᠭ ᠤᠨᠤᠪᠴᠢᠲᠠᠢ ᠬᠥᠳᠡᠯᠦᠩᠭᠦᠶ ᠪᠠᠷ ᠬᠠᠮᠢᠶᠠᠷᠤᠨ᠎ᠠ᠃ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠦᠶ ᠯᠦᠩ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠠᠩᠬᠠᠷᠴᠤ᠂ ᠲᠡᠭᠡᠭᠡᠪᠦᠷᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠣᠯᠠᠨ ᠲᠦᠮᠡᠨ ᠤ ᠳᠥᠭᠦᠮ ᠳᠥᠲᠡ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠨ᠎ᠠ᠃     ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠪᠠ ᠮᠤᠵᠢ ᠶᠢᠨ ᠭᠤᠣᠯ ᠱᠤᠭᠤᠮ᠂ ᠬᠥᠳᠡᠭᠡ ᠲᠣᠰᠬᠤᠨ ᠤ ᠵᠠᠰᠠᠮᠠᠯ ᠵᠠᠮ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠤᠨ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠎ᠠ᠃ ᠤᠯᠤᠰ ᠪᠠ ᠮᠤᠵᠢ ᠶᠢᠨ ᠭᠤᠣᠯ ᠱᠤᠭᠤᠮ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠠᠰᠠᠮᠠᠯ ᠵᠠᠮ ᠤᠨ ᠠᠷᠠᠴᠢᠯᠠᠯᠲᠠ ᠶᠢ ᠪᠠᠶᠢᠩᠭᠤᠵᠢᠭᠤᠯᠤᠨ ᠲᠦᠯᠬᠢᠨ ᠠᠬᠢᠭᠤᠯᠵᠤ᠂ ᠵᠠᠮ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠨᠡᠶᠢᠲᠡ 2787.8 ᠺᠢᠯᠣᠮᠧᠲᠷ ᠵᠠᠰᠠᠮᠠᠯ ᠵᠠᠮ ᠢ ᠲᠣᠭᠤᠷᠢᠨ ᠪᠠᠶᠢᠴᠠᠭᠠᠵᠤ᠂ 55 ᠲᠡᠮᠳᠡᠭ ᠫᠠᠶᠢᠰᠠ ᠶᠢ ᠲᠣᠬᠢᠷᠠᠭᠤᠯᠵᠤ᠂ 480 ᠲᠡᠭᠰᠢ ᠳᠥᠷᠪᠡᠯᠵᠢᠨ ᠮᠧᠲᠷ ᠨᠦᠬᠡᠨ ᠬᠤᠩᠭᠢᠯ ᠢ ᠰᠡᠯᠪᠢᠨ ᠵᠠᠰᠠᠵᠤ᠂ 2.6 ᠲᠦᠮᠡᠨ ᠮᠧᠲᠷ ᠵᠠᠮ ᠤᠨ ᠭᠠᠳᠠᠷᠭᠤ ᠶᠢᠨ ᠤᠰᠤᠯᠠᠯᠲᠠ ᠶᠢᠨ ᠵᠠᠪᠰᠠᠷ ᠢ ᠬᠥᠮᠦᠨ ᠤ ᠬᠦᠴᠦ ᠪᠠᠷ ᠴᠡᠪᠡᠷᠯᠡᠵᠦ᠂ 8.15 ᠲᠦᠮᠡᠨ ᠲᠡᠭᠰᠢ ᠳᠥᠷᠪᠡᠯᠵᠢᠨ ᠮᠧᠲᠷ ᠬᠥᠭᠦᠷᠭᠡ ᠶᠢ ᠬᠥᠮᠦᠨ ᠤ ᠬᠦᠴᠦ ᠪᠠᠷ ᠴᠡᠪᠡᠷᠯᠡᠵᠦ᠂ ᠵᠠᠮ ᠤᠨ ᠮᠥᠷᠥ ᠶᠢ 9.5 ᠺᠢᠯᠣᠮᠧᠲᠷ ᠬᠡᠯᠪᠡᠷᠢᠵᠢᠭᠦᠯᠵᠡᠶ᠃     ᠪᠣᠯᠪᠠᠰᠤᠨ ᠪᠥᠭᠡᠳ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠠᠬᠢᠭᠤᠯᠤᠨ᠎ᠠ᠃ ︽5 · 1︾ ᠤ ᠠᠮᠠᠷᠠᠯᠲᠠ ᠶᠢᠨ ᠬᠤᠭᠤᠴᠠᠭᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠬᠥᠮᠦᠰ ᠢ ᠵᠣᠬᠢᠶᠠᠨ ᠪᠠᠶᠢᠭᠤᠯᠤᠨ ᠢᠦᠢ ᠯᠦᠩ ᠨᠢᠰᠬᠡᠯ ᠤᠨ ᠪᠠᠭᠤᠳᠠᠯ᠂ ᠵᠢᠨᠱᠠᠨ ᠬᠤᠳᠠ ᠶᠢᠨ ᠲᠣᠭᠤᠷᠢᠭ ᠲᠤ ᠪᠣᠯᠪᠠᠰᠤᠨ ᠢᠶᠠᠷ ᠭᠠᠳᠠᠭᠰᠢ ᠭᠠᠷᠬᠤ ᠤᠬᠠᠭᠤᠯᠭ᠎ᠠ ᠶᠢᠨ ᠠᠵᠢᠯ ᠤᠨ ᠪᠠᠶᠢᠷᠢ ᠭᠠᠷᠭᠠᠵᠤ᠂ ᠪᠣᠯᠪᠠᠰᠤᠨ ᠢᠶᠠᠷ ᠭᠠᠳᠠᠭᠰᠢ ᠭᠠᠷᠬᠤ᠂ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠬᠤ ᠲᠦᠷᠢᠮ ᠤᠨ ᠤᠬᠠᠭᠤᠯᠭ᠎ᠠ ᠶᠢ ᠶᠡᠬᠡᠪᠡᠷ ᠥᠷᠨᠢᠭᠦᠯᠦᠨ᠎ᠡ᠃ ᠡᠭᠦᠨ ᠤ ᠬᠠᠮᠲᠤ᠂ ᠵᠠᠮ ᠬᠠᠷᠢᠯᠴᠠᠭᠠᠨ ᠤ ᠶᠠᠪᠤᠵᠤ ᠰᠠᠭᠤᠬᠤ ᠶᠢ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠮᠤᠷ ᠲᠦᠪᠰᠢᠨ᠂ ᠪᠣᠯᠪᠠᠰᠤᠨ᠂ ᠥᠨᠳᠥᠷ ᠪᠦᠲᠦᠮᠵᠢᠲᠡᠶ ᠶᠠᠪᠤᠵᠤ ᠰᠠᠭᠤᠬᠤ ᠣᠷᠴᠢᠨ ᠨᠥᠬᠦᠴᠡᠯ ᠢ ᠪᠣᠶ ᠪᠣᠯᠭᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号