ᠮᠠ ᠶᠦᠩ ᠭᠠᠩ
ᠨᠡᠶᠢᠲᠡᠯᠡᠭᠰᠡᠨ ᠴᠠᠭ᠄
2023/5/5
马永刚_副本.jpg
  ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠡᠷᠡᠭᠲᠡᠶ᠂ ᠬᠢᠲᠠᠳ ᠦᠨᠳᠦᠰᠦᠲᠡᠨ᠂ 1981 ᠣᠨ ᠤ 4 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠤᠬᠠᠭᠠᠨ ᠤ ᠪᠠᠴᠤᠯᠤᠷ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ ︵ᠠᠷᠠᠳ ᠤᠨ ᠠᠭᠠᠷ ᠤᠨ ᠰᠡᠷᠭᠡᠶᠢᠯᠡᠯᠲᠡ︶᠂ ᠲᠤᠭ᠎ᠠ ᠪᠦᠷᠢᠳᠬᠡᠯ᠂ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ ᠨᠥᠭᠡᠴᠡ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ︵ᠪᠠᠯᠭᠠᠰᠤ︶ ᠶᠢᠨ ᠬᠠᠮᠢᠶᠠᠷᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠪᠠᠶᠢᠭᠤᠯᠭ᠎ᠠ ᠶᠢᠨ ᠶᠠᠪᠤᠳᠠᠯ᠂ ᠾᠧ ᠮᠧᠢ ᠠᠵᠤ ᠦᠢᠯᠡᠳᠪᠦᠷᠢ ᠠᠷᠠᠯᠵᠢᠶ᠎ᠠ ᠶᠢᠨ ᠬᠦᠷᠢᠶᠡᠯᠡᠩ ᠲᠣᠭᠤᠷᠢᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠠᠵᠢᠯ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠯᠠᠭᠠᠨᠬᠠᠳᠠ ᠶᠢᠨ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠤᠯᠠᠭᠠᠨᠬᠠᠳᠠ ᠶᠢᠨ ᠵᠥᠩ ᠰᠢᠨ ᠠᠮᠤ ᠲᠣᠰᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃  ᠬᠠᠷᠢᠯᠴᠠᠬᠤ ᠨᠢ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠵᠥᠪᠯᠡᠯ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠬᠠᠷᠢᠶᠠᠲᠤ ᠶᠢᠨ ᠠᠯᠪᠠᠨ ᠬᠡᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠬᠡᠯᠲᠡᠰ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠶ ᠰᠢᠭᠤᠶ ᠶᠢᠨ ᠭᠠᠯ ᠤᠨᠲᠠᠷᠠᠭᠠᠬᠤ ᠳᠤᠮᠳᠠ ᠠᠩᠭᠢ᠃  ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号